ᠵᠤᠬᠢᠶᠠᠭᠴᠢ:
ᠴᠠᠭ:2021-07-30
ᠥᠵᠡᠭᠰᠡᠨ : ℃
ᠢᠷᠡᠯᠲᠡ: ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ
ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
2021 ᠣᠨ ᠤ 7 ᠳ᠋ᠤᠭᠠᠷ ᠰᠠᠷ᠎ᠠ ᠶᠢᠨ 28 — 29 ᠦ ᠡᠳᠦᠷ ᠪᠣᠯᠲᠠᠯ᠎ᠠ᠂ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠠᠷᠠᠮᠥ᠋ᠷᠡᠨ ᠮᠤᠵᠢ ᠶᠢᠨ ᠹᠦᠶᠤᠸᠠᠨ ᠬᠣᠲᠠ ᠳᠤ ᠬᠤᠷᠠᠯᠳᠤᠪᠠ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠨᠠᠷᠢᠨ ᠪᠢᠴᠢᠭ ᠦᠨ ᠳᠠᠷᠤᠭ᠎ᠠ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠵᠢᠶ ᠰᠢᠶᠠᠩ ᠳ᠋ᠸ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠬᠡᠷ ᠦᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠡᠷᠬᠢᠯᠡᠭᠴᠢ ᠶᠧ ᠼᠦᠩ ᠯᠠᠨ ᠡᠬᠢᠯᠡᠯᠲᠡ ᠶᠢᠨ ᠶᠣᠰᠣᠯᠠᠯ ᠢ ᠡᠷᠬᠢᠯᠡᠭᠰᠡᠨ ᠪᠥᠭᠡᠳ ᠲᠡᠭᠦᠰᠬᠦ ᠶᠣᠰᠣᠯᠠᠯ ᠤᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠬᠠᠷᠠᠮᠥ᠋ᠷᠡᠨ ᠮᠤᠵᠢ ᠶᠢᠨ ᠨᠠᠮ ᠤᠨ ᠬᠣᠷᠢᠶᠠᠨ ᠤ ᠲᠡᠦᠬᠡ ᠣᠶᠢᠯᠠᠯᠭ᠎ᠠ ᠡᠷᠬᠢᠯᠡᠭᠴᠢ ᠾᠧ ᠸᠧᠶ ᡁᠢ᠂ ᠵᠠᠮᠰᠤ ᠬᠣᠲᠠ ᠶᠢᠨ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠦᠨ ᠳᠠᠷᠤᠭ᠎ᠠ᠂ ᠨᠢᠭᠡᠳᠦᠮᠡᠯ ᠹᠷᠥᠡᠲᠤᠨ ᠬᠡᠯᠲᠡᠰ ᠦᠨ ᠳᠠᠷᠤᠭ᠎ᠠ ᠭᠤᠤ ᡁᠢ ᠵᠢᠶᠦ᠋ᠨ᠂ ᠹᠦᠶᠤᠸᠠᠨ ᠬᠣᠲᠠ ᠶᠢᠨ ᠨᠠᠮ ᠤᠨ ᠬᠣᠷᠢᠶᠠᠨ ᠤ ᠳᠡᠳ᠋ ᠱᠦᠵᠢ ᠯᠢ ᠨᠢᠩ ᠨᠢᠩ ᠬᠤᠷᠠᠯ ᠳᠤ ᠣᠷᠣᠯᠴᠠᠵᠤ ᠲᠣᠰ ᠲᠣᠰ ᠃

ᠵᠢᠶ ᠰᠢᠶᠠᠩ ᠳ᠋ᠸ ᠶᠠᠷᠢᠶ᠎ᠠ ᠳᠠᠭᠠᠨ ᠬᠠᠷᠠᠮᠥ᠋ᠷᠡᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠭᠦᠢᠴᠡᠳ ᠨᠤᠲᠠᠯᠠᠵᠤ᠂《ᠠᠷᠪᠠᠨ ᠭᠤᠷᠪᠠᠳᠤᠭᠠᠷ ᠲᠠᠪᠤᠨ ᠵᠢᠯ 》 ᠬᠤᠭᠤᠴᠠᠭᠠᠨ ᠳᠠᠬᠢ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠣᠯᠤᠭᠰᠠᠨ ᠠᠮᠵᠢᠯᠲᠠ ᠶᠢ ᠳ᠋ᠦᠩᠨᠡᠪᠡ᠃ ᠲᠡᠷᠡ ᠵᠢᠭᠠᠬᠤ ᠳᠤ ᠪᠠᠨ᠂《ᠠᠷᠪᠠᠨ ᠭᠤᠷᠪᠠᠳᠤᠭᠠᠷ ᠲᠠᠪᠤᠨ ᠵᠢᠯ 》 ᠶᠢᠨ ᠳᠦ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠬᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠦᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 《ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠦᠲᠦᠯᠪᠦᠷᠢ ︵2015—2020 ᠣᠨ︶》 ᠳᠤ ᠳᠤᠷᠠᠳᠤᠭᠰᠠᠨ ᠬᠠᠤᠯᠢ ᠶᠣᠰᠣᠭᠠᠷ ᠣᠶᠢᠯᠠᠯᠭ᠎ᠠ ᠵᠠᠰᠠᠬᠤ ᠵᠠᠷᠴᠢᠮ ᠢ ᠢᠮᠠᠭᠲᠠ ᠪᠠᠷᠢᠮᠲᠠᠯᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠬᠠᠤᠯᠢ ᠪᠠᠷ ᠵᠠᠰᠠᠬᠤ ᠰᠢᠰᠲ᠋ᠧᠮᠵᠢ ᠪᠣᠯᠤᠨ ᠬᠠᠷᠢᠯᠴᠠᠨ ᠲᠥᠬᠥᠷᠵᠢᠭᠰᠡᠨ ᠣᠷᠣᠨ ᠨᠤᠲᠤᠭ ᠤᠨ ᠣᠶᠢᠯᠠᠯᠭ᠎ᠠ᠂ ᠣᠨ ᠤ ᠣᠶᠢᠯᠠᠪᠤᠷᠢ᠂ ᠂ ᠬᠤᠭᠤᠴᠠᠭᠠᠲᠤ ᠰᠡᠳᠬᠦᠯ᠂ ᠮᠡᠳᠡᠭᠡ ᠵᠠᠩᠭᠢᠵᠢᠯᠲᠠ ᠵᠡᠷᠭᠡ ᠳᠦᠷᠢᠮ ᠦᠨ ᠠᠩᠬ᠎ᠠ ᠠᠯᠬᠤᠮ ᠪᠦᠷᠢᠯᠳᠦᠭᠦᠯᠵᠦ᠂ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠬᠥᠭᠵᠢᠯᠲᠡ ᠶᠢᠨ ᠴᠣᠭᠴᠠᠯᠠᠨ ᠪᠠᠶᠢᠭᠤᠯᠵᠤ᠂ ᠳᠤᠮᠳᠠᠳᠤ ᠤᠯᠤᠰ ᠤᠨ ᠲᠡᠦᠬᠡᠨ ᠳᠡᠭᠡᠷ᠎ᠡ ᠮᠤᠵᠢ᠂ ᠬᠤᠳᠠ᠂ ᠰᠢᠶᠠᠨ ᠤ ᠣᠷᠣᠨ ᠨᠤᠲᠤᠭ ᠤᠨ ᠣᠶᠢᠯᠠᠯᠭ᠎ᠠ ᠪᠠ ᠣᠨ ᠤ ᠣᠶᠢᠯᠠᠪᠤᠷᠢ ᠶᠢᠨ ᠪᠦᠬᠦᠨ ᠢ ᠪᠦᠷᠬᠦᠬᠦᠯᠬᠦ ᠶᠢ ᠠᠩᠬ᠎ᠠ ᠤᠳᠠᠭ᠎ᠠ ᠦᠨᠳᠦᠰᠦᠨ ᠳᠦ ᠪᠡᠨ ᠪᠡᠶᠡᠯᠡᠭᠦᠯᠵᠦ᠂ ᠳᠡᠯᠡᠬᠡᠶ ᠶᠢᠨ ᠰᠣᠶᠣᠯ ᠤᠨ ᠲᠡᠦᠬᠡᠨ ᠳᠡᠭᠡᠷᠡᠬᠢ ᠡᠭᠦᠳᠪᠡ ᠬᠠᠤᠯᠢ ᠶᠣᠰᠣᠭᠠᠷ ᠣᠶᠢᠯᠠᠯᠭ᠎ᠠ ᠡᠴᠡ ᠣᠶᠢᠯᠠᠯᠭ᠎ᠠ ᠵᠠᠰᠠᠬᠤ ᠲᠡᠶᠢᠰᠢ ᠤᠷᠤᠭᠰᠢᠯᠠᠬᠤ ᠂ ᠨᠢᠭᠡ ᠨᠣᠮ ᠦᠵᠡᠯ ᠡᠴᠡ《ᠠᠷᠪᠠᠨ ᠦᠢᠯᠡᠰ》 ᠢ ᠵᠡᠷᠭᠡ ᠪᠡᠷ ᠬᠥᠭᠵᠢᠭᠦᠯᠬᠦ᠂ 《 》 ᠵᠡᠷᠭᠡ ᠪᠡᠷ ᠵᠢᠯᠣᠭᠣᠳᠬᠤ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠣᠶᠢᠯᠠᠯᠭ᠎ᠠ ᠶᠢᠨ ᠨᠢᠭᠡ ᠲᠥᠷᠥᠯ ᠦᠨ ᠠᠵᠢᠯ ᠡᠴᠡ ᠨᠢᠭᠡ ᠵᠦᠢᠯ ᠦᠨ ᠦᠢᠯᠡᠰ ᠲᠡᠶᠢᠰᠢ ᠬᠡᠯᠪᠡᠷᠢ ᠪᠡᠨ ᠬᠤᠪᠢᠷᠠᠭᠤᠯᠤᠨ ᠲᠡᠰ ᠳᠡᠪᠰᠢᠬᠦ ᠶᠢ ᠪᠡᠶᠡᠯᠡᠭᠦᠯᠪᠡ᠃
ᠵᠢᠢ ᠰᠢᠶᠠᠩ ᠳ᠋ᠧ ᠳᠤ ᠪᠠᠨ᠂ ᠣᠳᠣᠬᠠᠨ ᠪᠠ ᠬᠣᠶᠢᠰᠢᠳᠠ ᠶᠢᠨ ᠬᠡᠰᠡᠭ ᠬᠤᠭᠤᠴᠠᠭᠠᠨ ᠳᠤ᠂ ᠡᠷᠬᠡᠪᠰᠢ ᠣᠷᠣᠨ ᠨᠤᠲᠤᠭ ᠤᠨ ᠣᠶᠢᠯᠠᠯᠭ᠎ᠠ ᠶᠢᠨ ᠵᠥᠪ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠤᠯᠤᠰ ᠲᠦᠷᠦ ᠶᠢ ᠲᠤᠪᠤᠢᠢᠯᠭᠠᠨ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠨᠠᠮᠴᠢ ᠴᠢᠨᠠᠷ᠂ ᠠᠷᠠᠳᠴᠢ ᠴᠢᠨᠠᠷ ᠢ ᠢᠯᠡᠷᠡᠭᠦᠯᠬᠦ ᠬᠡᠷᠡᠭᠲᠡᠢ ᠡᠷᠬᠡᠪᠰᠢ ᠬᠠᠤᠯᠢ ᠶᠣᠰᠣᠭᠠᠷ ᠣᠶᠢᠯᠠᠯᠭ᠎ᠠ ᠨᠠᠶᠢᠷᠠᠭᠤᠯᠬᠤ ᠶᠢ ᠡᠷᠡᠰ ᠲᠦᠯᠬᠢᠨ ᠠᠬᠢᠭᠤᠯᠵᠤ᠂ ᠣᠷᠣᠨ ᠨᠤᠲᠤᠭ ᠤᠨ ᠣᠶᠢᠯᠠᠯᠭ᠎ᠠ ᠶᠢᠨ ᠡᠯ᠎ᠡ ᠵᠦᠢᠯ ᠦᠨ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ᠂ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠠᠵᠢᠯ ᠦᠢᠯᠡᠰ ᠦᠨ ᠬᠥᠭᠵᠢᠯᠲᠡ ᠳᠦ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ ᠡᠷᠬᠡᠪᠰᠢ ᠣᠷᠣᠨ ᠨᠤᠲᠤᠭ ᠤᠨ ᠣᠶᠢᠯᠠᠯᠭ᠎ᠠ ᠶᠢᠨ ᠬᠠᠤᠯᠢ ᠲᠣᠭᠲᠠᠭᠠᠬᠤ ᠶᠢ ᠶᠡᠬᠡᠪᠡᠷ ᠲᠦᠯᠬᠢᠨ ᠠᠬᠢᠭᠤᠯᠵᠤ᠂ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠣᠶᠢᠯᠠᠯᠭ᠎ᠠ ᠶᠢᠨ ᠬᠠᠤᠯᠢ》 ᠲᠣᠭᠲᠠᠭᠠᠬᠤ ᠪᠠ 《ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠳᠦᠷᠢᠮ》 ᠳᠦ ᠵᠠᠰᠠᠪᠤᠷᠢ ᠣᠷᠣᠭᠤᠯᠬᠤ ᠶᠢ ᠢᠳᠡᠪᠬᠢᠲᠡᠶ ᠪᠡᠷ ᠲᠦᠯᠬᠢᠨ ᠠᠬᠢᠭᠤᠯᠵᠤ᠂ ᠡᠯ᠎ᠡ ᠭᠠᠵᠠᠷ ᠤᠨ ᠣᠷᠣᠨ ᠨᠤᠲᠤᠭ ᠤᠨ ᠣᠶᠢᠯᠠᠯᠭ᠎ᠠ ᠶᠢᠨ ᠬᠠᠤᠯᠢ ᠲᠣᠭᠲᠠᠭᠠᠯ ᠳᠦᠷᠢᠮ ᠢ ᠲᠡᠭᠦᠯᠳᠡᠷᠵᠢᠭᠦᠯᠬᠦ ᠶᠢ ᠴᠢᠷᠮᠠᠶᠢᠨ ᠲᠦᠯᠬᠢᠨ ᠠᠬᠢᠭᠤᠯᠵᠤ᠂ ᠣᠷᠣᠨ ᠨᠤᠲᠤᠭ ᠤᠨ ᠣᠶᠢᠯᠠᠯᠭ᠎ᠠ ᠶᠢᠨ ᠬᠣᠶᠠᠳᠤᠭᠠᠷ ᠵᠠᠭᠤᠨ ᠵᠢᠯ ᠦᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠦ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠶ ᠡᠷᠬᠡᠪᠰᠢ ᠪᠦᠬᠦ ᠨᠡᠶᠢᠭᠡᠮ ᠦᠨ ᠣᠷᠣᠨ ᠨᠤᠲᠤᠭ ᠤᠨ ᠣᠶᠢᠯᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠣᠷᠣᠨ ᠨᠤᠲᠤᠭ ᠤᠨ ᠣᠶᠢᠯᠠᠯᠭ᠎ᠠ ᠶᠢ ᠤᠬᠠᠭᠤᠯᠬᠤ ᠪᠠ ᠨᠡᠭᠡᠭᠡᠨ ᠠᠰᠢᠭᠯᠠᠬᠤ ᠪᠠᠷ ᠳᠠᠮᠵᠢᠭᠤᠯᠤᠨ᠂ ᠨᠠᠮ ᠤᠨ ᠬᠣᠷᠢᠶ᠎ᠠ ᠵᠠᠰᠠᠭ ᠤᠨ ᠣᠷᠳᠣᠨ ᠪᠣᠯᠤᠨ ᠨᠡᠶᠢᠭᠡᠮ ᠦᠨ ᠡᠯ᠎ᠡ ᠡᠲᠡᠭᠡᠳ ᠦᠨ ᠬᠢᠨ ᠦ ᠣᠷᠣᠨ ᠨᠤᠲᠤᠭ ᠤᠨ ᠣᠶᠢᠯᠠᠯᠭ᠎ᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠢᠯᠠᠯᠭ᠎ᠠ ᠮᠡᠳᠡᠬᠦ ᠬᠡᠮᠵᠢᠶ᠎ᠡ ᠪᠣᠯᠤᠨ ᠨᠡᠢᠬᠡᠮ ᠦᠨ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠶ ᠭᠡᠪᠡ᠃
ᠬᠤᠷᠠᠯ ᠳᠡᠭᠡᠷ᠎ᠡ᠂ ᠵᠢᠢ ᠰᠢᠶᠠᠩ ᠳ᠋ᠧ ᠪᠠᠰᠠ《ᠰᠢ ᠶᠢᠨ ᠫᠢᠩ ᠦᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠠ ᠣᠶᠢᠯᠠᠭᠠᠶ᠎ᠠ》 ᠭᠡᠬᠦ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠰᠢ ᠶᠢᠨ ᠫᠢᠩ ᠦᠨ ᠬᠠᠤᠯᠢᠵᠢᠯ ᠤᠨ ᠦᠵᠡᠯ ᠰᠠᠨᠠᠭᠠᠨ ᠤ ᠪᠦᠷᠢᠯᠳᠦᠭᠰᠡᠨ ᠶᠠᠪᠤᠴᠠ ᠪᠣᠯᠤᠨ ᠴᠢᠬᠤᠯᠠ ᠶᠡᠬᠡ ᠠᠴᠢ ᠬᠣᠯᠪᠣᠭᠳᠠᠯ᠂ ᠰᠢ ᠶᠢᠨ ᠫᠢᠩ ᠦᠨ ᠬᠠᠤᠯᠢᠵᠢᠯ ᠤᠨ ᠦᠵᠡᠯ ᠰᠠᠨᠠᠭᠠᠨ ᠤ ᠭᠣᠣᠯ ᠠᠭᠤᠯᠭ᠎ᠠ ᠵᠢᠴᠢ ᠰᠢ ᠶᠢᠨ ᠫᠢᠩ ᠦᠨ ᠬᠠᠤᠯᠢᠵᠢᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠵᠠᠮ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃
ᠶᠧ ᠼᠦᠩ ᠯᠠᠨ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠬᠤᠷᠠᠯ ᠪᠣᠯ ᠠᠮᠵᠢᠯᠲᠠ ᠲᠠᠶ ᠶᠠᠪᠤᠭᠳᠠᠭᠰᠠᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠲᠤᠷᠰᠢᠯᠭ᠎ᠠ ᠰᠣᠯᠢᠯᠴᠠᠬᠤ ᠬᠤᠷᠠᠯ ᠪᠣᠯᠤᠨ᠎ᠠ᠂ ᠬᠤᠷᠠᠯ ᠤᠨ ᠠᠭᠤᠯᠭ᠎ᠠ ᠪᠠᠶᠠᠯᠢᠭ᠂ ᠪᠣᠳᠠᠲᠠᠢ ᠪᠦᠲᠦᠮᠵᠢᠲᠡᠢ᠂ ᠬᠤᠷᠠᠯ ᠤᠨ ᠰᠤᠷᠲᠠᠯ ᠲᠥᠪ ᠴᠢᠩᠭ᠎ᠠ ᠪᠠᠶᠢᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠰᠠᠶᠢᠲᠤᠷ ᠬᠠᠷᠢᠭᠤ ᠮᠡᠳᠡᠭᠦᠯᠵᠦ᠂ ᠰᠠᠶᠢᠲᠤᠷ ᠤᠯᠠᠮᠵᠢᠯᠠᠨ ᠰᠤᠷᠤᠯᠴᠠᠵᠤ᠂ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃
ᠾᠧ ᠸᠧᠢ ᡁᠢ ᠶᠠᠷᠢᠶ᠎ᠠ ᠳᠤ ᠪᠠᠨ᠂ ᠬᠠᠷᠠᠮᠥ᠋ᠷᠡᠨ ᠮᠤᠵᠢ ᠶᠢᠨ ᠪᠠᠢᠳᠠᠯ᠂ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠢᠳᠠᠯ ᠢᠯᠠᠩᠭᠤᠶ᠎ᠠ ᠣᠷᠣᠨ ᠨᠤᠲᠤᠭ ᠤᠨ ᠣᠢᠯᠠᠯᠭ᠎ᠠ ᠶᠢᠨ ᠬᠠᠤᠯᠢᠵᠢᠯ ᠤᠨ ᠠᠵᠢᠯ ᠤᠨ ᠣᠨᠴᠠᠯᠢᠭ ᠵᠢᠴᠢ ᠬᠢᠯᠠᠰ ᠴᠡᠭ ᠢ ᠲᠣᠪᠴᠢ ᠲᠠᠨᠢᠯᠴᠠᠭᠤᠯᠪᠠ᠃ ᠭᠤᠤ ᡁᠢ ᠵᠢᠶᠦ᠋ᠨ ᠪᠣᠯᠤᠨ ᠯᠢ ᠨᠢᠩ ᠨᠢᠩ ᠡᠴᠡ ᠵᠠᠮᠰᠤ ᠬᠣᠲᠠ ᠪᠣᠯᠤᠨ ᠹᠦᠶᠤᠸᠠᠨ ᠬᠣᠲᠠ ᠶᠢᠨ ᠠᠵᠤ ᠠᠬᠤᠶ ᠨᠡᠢᠬᠡᠮ ᠦᠨ ᠬᠥᠭᠵᠢᠯᠲᠡ ᠶᠢᠨ ᠪᠠᠢᠳᠠᠯ ᠵᠢᠴᠢ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠥᠷᠨᠢᠭᠦᠯᠦᠭᠰᠡᠨ ᠪᠠᠢᠳᠠᠯ ᠲᠣᠰ ᠲᠣᠰ ᠲᠠᠨᠢᠯᠴᠠᠭᠤᠯᠪᠠ᠃
ᠬᠠᠷᠠᠮᠥ᠋ᠷᠡᠨ᠂ ᠭᠢᠷᠢᠨ᠂ ᠠᠨᠾᠦ᠋ᠢ᠂ ᠹᠦᠵᠢᠶᠠᠨ᠂ ᠱᠠᠨᠳᠦ᠋ᠩ᠂ ᠭᠤᠸᠠᠩᠳᠦ᠋ᠩ᠂ ᠰᠸᠴᠤᠸᠠᠨ᠂ ᠱᠠᠨᠰᠢ ᠵᠡᠷᠭᠡ 8 ᠮᠤᠵᠢ ᠶᠢᠨ ᠲᠥᠯᠥᠭᠡᠯᠡᠭᠴᠢᠳ ᠲᠣᠰ ᠭᠠᠵᠠᠷ ᠤᠨ ᠢᠶᠠᠨ ᠣᠷᠣᠨ ᠨᠤᠲᠤᠭ ᠤᠨ ᠣᠢᠯᠠᠯᠭ᠎ᠠ ᠶᠢᠨ ᠬᠠᠤᠯᠢᠵᠢᠯ ᠤᠨ ᠪᠠᠢᠭᠤᠯᠤᠯᠲᠠ ᠶᠢᠨ ᠲᠤᠷᠰᠢᠯᠭ᠎ᠠ ᠠᠷᠭ᠎ᠠ ᠬᠢᠳᠡᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠪᠡᠨ ᠲᠣᠰ ᠲᠣᠰ ᠲᠠᠨᠢᠯᠴᠠᠭᠤᠯᠪᠠ᠃ ᠬᠤᠷᠠᠯ ᠡᠴᠡ ᠭᠤᠷᠪᠠᠨ ᠳᠤᠭᠤᠶᠢᠯᠠᠩ ᠬᠤᠪᠢᠶᠠᠵᠤ᠂ ᠢᠷᠡᠬᠦ ᠲᠠᠪᠤᠨ ᠵᠢᠯ ᠦᠨ ᠪᠦᠬᠦ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠬᠠᠤᠯᠢᠵᠢᠯ ᠤᠨ ᠪᠠᠢᠭᠤᠯᠤᠯᠲᠠ ᠶᠢ ᠨᠠᠷᠢᠨ ᠬᠢᠨᠠᠮᠠᠭᠠᠶ ᠰᠤᠳᠤᠯᠤᠨ ᠶᠠᠷᠢᠯᠴᠠᠵᠤ᠂ ᠮᠠᠰᠢ ᠤᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃

ᠬᠤᠷᠠᠯ ᠢ ᠳᠤᠮᠳᠠᠳᠤ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠬᠡᠷ ᠡᠴᠡ ᠭᠤᠤᠯᠯᠠᠨ ᠡᠷᠭᠢᠯᠡᠵᠦ᠂ ᠬᠠᠷᠠᠮᠥ᠋ᠷᠡᠨ ᠮᠤᠵᠢ ᠶᠢᠨ ᠨᠠᠮ ᠤᠨ ᠬᠣᠷᠢᠶᠠᠨ ᠤ ᠲᠡᠦᠬᠡ ᠣᠢᠯᠠᠯᠭ᠎ᠠ ᠡᠴᠡ ᠬᠠᠮᠵᠢᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠮᠰᠤ ᠬᠣᠲᠠ ᠶᠢᠨ ᠬᠣᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠹᠦᠶᠤᠸᠠᠨ ᠬᠣᠲᠠ ᠶᠢᠨ ᠬᠣᠷᠢᠶ᠎ᠠ ᠳᠠᠭᠠᠭᠠᠴᠢᠯᠠᠨ ᠡᠷᠭᠢᠯᠡᠪᠡ᠃ ᠡᠯ᠎ᠡ ᠮᠤᠵᠢ ᠶᠢᠨ ᠱᠠᠲᠤᠨ ᠤ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠶᠢᠭᠤᠯᠤᠮᠵᠢ ᠪᠣᠯᠤᠨ ᠬᠡᠰᠡᠭ ᠬᠣᠲᠠ ᠰᠢᠶᠠᠨ ᠤ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠲᠥᠯᠥᠭᠡᠯᠡᠭᠴᠢ 100 ᠰᠢᠬᠠᠮ ᠬᠥᠮᠦᠨ ᠬᠤᠷᠠᠯ ᠳᠤ ᠣᠷᠣᠯᠴᠠᠪᠠ᠃