ᠵᠤᠬᠢᠶᠠᠭᠴᠢ:
ᠴᠠᠭ:2021-07-26
ᠥᠵᠡᠭᠰᠡᠨ : ℃
ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠷᠣᠨ ᠨᠤᠲᠤᠭ ᠤᠨ ᠣᠢᠯᠠᠯᠭ᠎ᠠ ᠶᠢᠨ ᠰᠤᠳᠤᠯᠤᠯ ᠤᠨ ᠲᠠᠰᠤᠭ
2021 ᠣᠨ ᠤ ᠬᠣᠶᠠᠳᠤᠭᠠᠷ ᠬᠤᠭᠤᠴᠠᠭᠠᠨ ᠤ ᠪᠦᠬᠦ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠢᠭᠤᠯᠤᠮᠵᠢ ᠶᠢᠨ ᠰᠢᠨ᠎ᠡ ᠬᠠᠷᠢᠭᠤᠴᠠᠯᠭᠠᠲᠠᠨ ᠤ ᠪᠣᠯᠪᠠᠰᠤᠷᠠᠭᠤᠯᠤᠯ ᠱᠠᠨᠳᠦ᠋ᠩ ᠤᠨ ᠴᠢᠦᠢ ᠹᠦ᠋ ᠳᠦ ᠶᠠᠪᠤᠭᠳᠠᠪᠠ

2021 ᠣᠨ ᠤ 7 ᠳ᠋ᠤᠭᠠᠷ ᠰᠠᠷ᠎ᠠ ᠶᠢᠨ 1824 ᠦ ᠡᠳᠦᠷ ᠂ 2021 ᠣᠨ ᠤ ᠬᠣᠶᠠᠳᠤᠭᠠᠷ ᠬᠤᠭᠤᠴᠠᠭᠠᠨ ᠤ ᠪᠦᠬᠦ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠢᠭᠤᠯᠤᠮᠵᠢ ᠶᠢᠨ ᠰᠢᠨ᠎ᠡ ᠬᠠᠷᠢᠭᠤᠴᠠᠯᠭᠠᠲᠠᠨ ᠤ ᠪᠣᠯᠪᠠᠰᠤᠷᠠᠭᠤᠯᠤᠯ ᠱᠠᠨᠳᠦ᠋ᠩ ᠤᠨ ᠵᠢᠨᠢᠩ ᠺᠠᠳ᠋ᠷᠴᠤᠳ ᠤᠨ ᠬᠦᠮᠦᠵᠢᠯ ᠦᠨ ᠳᠡᠭᠡᠳᠦ ᠰᠤᠷᠭᠠᠭᠤᠯᠢ ᠳᠤ ᠶᠠᠪᠤᠭᠳᠠᠪᠠ᠃
19 ᠤ ᠡᠳᠦᠷ ᠦᠨ ᠦᠳᠡ ᠶᠢᠨ ᠡᠮᠦᠨ᠎ᠡ ᠪᠣᠯᠪᠠᠰᠤᠷᠠᠭᠤᠯᠤᠯ ᠡᠬᠢᠯᠡᠬᠦ ᠶᠣᠰᠣᠯᠠᠯ ᠶᠠᠪᠤᠭᠳᠠᠵᠤ᠂ ᠱᠠᠨᠳᠦ᠋ᠩ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ᠂ ᠱᠠᠨᠳᠦ᠋ᠩ ᠤᠨ ᠪᠠᠭᠰᠢ ᠶᠢᠨ ᠶᠡᠬᠡ ᠰᠤᠷᠭᠠᠭᠤᠯᠢ ᠶᠢᠨ ᠨᠠᠮ ᠤᠨ ᠬᠣᠷᠢᠶᠠᠨ ᠤ ᠱᠦᠵᠢ ᠲᠠᠩ ᠵᠧᠤ ᠶᠠᠨ ᠬᠤᠷᠠᠯ ᠳᠤ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠵᠢᠯᠤᠭᠤᠳᠬᠤ ᠳᠤᠭᠤᠢᠯᠠᠩ ᠤᠨ ᠠᠯᠪᠠᠨ ᠭᠡᠷ ᠤᠨ ᠨᠠᠮ ᠤᠨ ᠳᠤᠭᠤᠢᠯᠠᠩ ᠤᠨ ᠱᠦᠵᠢ᠂ ᠣᠷᠣᠨ ᠨᠤᠲᠤᠭ ᠤᠨ ᠣᠢᠯᠠᠯᠭ᠎ᠠ ᠶᠢᠨ ᠬᠡᠪᠯᠡᠯ ᠦᠨ ᠬᠣᠷᠢᠶᠠᠨ ᠤ ᠳᠠᠷᠤᠭ᠎ᠠ ᠭᠣᠣ ᠵᠢᠩ ᠵᠠᠢ ᠬᠤᠷᠠᠯ ᠳᠤ ᠳᠠᠢᠴᠢᠯᠠᠯᠲᠠ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠬᠣᠲᠠ ᠶᠢᠨ ᠨᠠᠮ ᠤᠨ ᠬᠣᠷᠢᠶᠠᠨ ᠤ ᠱᠦᠵᠢ ᠯᠢᠨ ᠬᠣᠩ ᠢᠦᠢ ᠬᠤᠷᠠᠯ ᠳᠤ ᠂ ᠦᠭᠡ ᠬᠡᠯᠡᠪᠡ᠃ ᠳᠤᠮᠳᠠᠳᠤ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠵᠢᠯᠤᠭᠤᠳᠬᠤ ᠳᠤᠭᠤᠢᠯᠠᠩ ᠤᠨ ᠠᠯᠪᠠᠨ ᠭᠡᠷ ᠦᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ ᠤᠨ ᠳᠠᠷᠤᠭ᠎ᠠ᠂ ᠳᠡᠳ᠋ ᠡᠷᠬᠢᠯᠡᠭᠴᠢ ᠶᠧ ᠼᠦᠩ ᠯᠠᠨ᠂ ᠵᠢᠨᠢᠩ ᠬᠣᠲᠠ ᠶᠢᠨ ᠤᠯᠤᠰ ᠲᠥᠷᠥ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ ᠨᠢ ᠯᠢ ᠵᠢᠶᠦ᠋ᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠬᠣᠲᠠ ᠶᠢᠨ ᠨᠠᠮ ᠤᠨ ᠬᠣᠷᠢᠶᠠᠨ ᠤ ᠵᠣᠬᠢᠶᠠᠨ ᠪᠠᠢᠭᠤᠯᠬᠤ ᠬᠡᠯᠲᠡᠰ ᠦᠨ ᠳᠡᠳ᠋ ᠳᠠᠷᠤᠭ᠎ᠠ᠂ ᠵᠢᠨᠢᠩ ᠦᠨ ᠺᠠᠳ᠋ᠷᠴᠤᠳ ᠬᠦᠮᠦᠵᠢᠯ ᠦᠨ ᠳᠡᠭᠡᠳᠦ ᠰᠤᠷᠭᠠᠭᠤᠯᠢ ᠶᠢᠨ ᠨᠠᠮ ᠤᠨ ᠬᠣᠷᠢᠶᠠᠨ ᠤ ᠱᠦᠵᠢ ᠵᠢᠶᠠᠩ ᠶᠦᠩ ᠸᠧᠢ ᠬᠤᠷᠠᠯ ᠳᠤ ᠣᠷᠣᠯᠴᠠᠵᠤ᠂ ᠱᠠᠨᠳᠦ᠋ᠩ ᠮᠤᠵᠢ ᠶᠢᠨ ᠣᠷᠣᠨ ᠨᠤᠲᠤᠭ ᠤᠨ ᠣᠢᠯᠠᠯᠭ᠎ᠠ ᠬᠦᠷᠢᠶᠡᠯᠡᠩ ᠦᠨ ᠳᠠᠷᠤᠭ᠎ᠠ ᠵᠣᠣ ᠭᠦᠧᠧ ᠴᠢᠩ ᠬᠤᠷᠠᠯ ᠡᠷᠬᠢᠯᠡᠪᠡ᠃
ᠪᠣᠯᠪᠠᠰᠤᠷᠠᠭᠤᠯᠤᠯ ᠨᠢ ᠬᠢᠴᠢᠶᠡᠯᠯᠡᠬᠦ᠂ ᠰᠣᠯᠢᠯᠴᠠᠬᠤ᠂ ᠳᠤᠭᠤᠢᠯᠠᠩ ᠢᠶᠠᠷ ᠶᠠᠷᠢᠯᠴᠠᠬᠤ ᠬᠢᠭᠡᠳ ᠲᠠᠯᠠᠪᠠᠢ ᠳᠤ ᠶᠢ ᠬᠠᠷᠢᠯᠴᠠᠨ ᠤᠶᠠᠯᠳᠤᠭᠤᠯᠬᠤ ᠶᠠᠪᠤᠭᠳᠠᠪᠠ᠃ ᠭᠣᠣ ᠵᠢᠩ ᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠭᠡᠵᠢᠩ ᠬᠣᠲᠠ ᠶᠢᠨ ᠨᠠᠮ ᠤᠨ ᠲᠡᠤᠬᠡ ᠂ ᠬᠣᠲᠠ ᠶᠢᠨ ᠣᠷᠣᠨ ᠨᠤᠲᠤᠭ ᠤᠨ ᠣᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ᠂ ᠨᠢᠭᠡᠳᠦᠭᠡᠷ ᠳᠡᠰ ᠦᠨ ᠪᠠᠢᠴᠠᠭᠠᠭᠴᠢ ᠡᠾᠧᠩ ᠪᠢᠨ᠂ ᠹᠦᠵᠢᠶᠡᠨ ᠮᠤᠵᠢ ᠶᠢᠨ ᠨᠠᠮ ᠤᠨ ᠬᠣᠷᠢᠶᠠᠨ ᠤ ᠨᠠᠮ ᠤᠨ ᠲᠡᠤᠬᠡ ᠣᠷᠣᠨ ᠨᠤᠲᠤᠭ ᠤᠨ ᠣᠢᠯᠠᠯᠭ᠎ᠠ ᠨᠠᠢᠷᠠᠭᠤᠯᠬᠤ ᠠᠯᠪᠠᠨ ᠭᠡᠷ ᠦᠨ ᠨᠢᠭᠡᠳᠦᠭᠡᠷ ᠳᠡᠰ ᠦᠨ ᠪᠠᠢᠴᠠᠭᠠᠭᠴᠢ ᠢᠦᠢ ᠵᠢᠶᠧ᠂ ᠱᠠᠨᠳᠦ᠋ᠩ ᠤᠨ ᠶᠡᠬᠡ ᠰᠤᠷᠭᠠᠭᠤᠯᠢ ᠶᠢᠨ ᠭᠦᠨ ᠤᠬᠠᠭᠠᠨ ᠬᠢᠭᠡᠳ ᠨᠡᠢᠭᠡᠮ ᠦᠨ ᠬᠥᠭᠵᠢᠯᠲᠡ ᠶᠢᠨ ᠳᠡᠭᠡᠳᠦ ᠰᠤᠷᠭᠠᠭᠤᠯᠢ ᠶᠢᠨ ᠡᠾᠧ ᠵᠦᠩ ᠬᠤᠸᠠ ᠫᠷᠦᠹᠧᠰᠰᠣᠷ᠂ ᠵᠢᠨᠢᠩ ᠦᠨ ᠺᠠᠳ᠋ᠷᠴᠤᠳ ᠤᠨ ᠬᠦᠮᠦᠵᠢᠯ ᠦᠨ ᠳᠡᠭᠡᠳᠦ ᠰᠤᠷᠭᠠᠭᠤᠯᠢ ᠶᠢᠨ ᠳᠠᠷᠤᠭ᠎ᠠ ᠯᠢ ᠵᠢᠩ ᠰᠢᠤᠸᠠᠢ ᠤᠷᠢᠳ ᠬᠣᠵᠢᠳ ᠬᠢᠴᠢᠶᠡᠯᠯᠡᠪᠡ᠃ ᠱᠠᠨᠳᠦ᠋ᠩ ᠮᠤᠵᠢ ᠶᠢᠨ ᠳ᠋ᠦᠩ ᠶᠢᠩ ᠬᠣᠲᠠ ᠶᠢᠨ ᠣᠷᠣᠨ ᠨᠤᠲᠤᠭ ᠤᠨ ᠲᠡᠤᠬᠡ ᠣᠢᠯᠠᠯᠭ᠎ᠠ ᠬᠦᠷᠢᠶᠡᠯᠡᠩ ᠦᠨ ᠳᠠᠷᠤᠭ᠎ᠠ 《7.1》 ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ᠂ ᠬᠡᠷᠬᠢᠨ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠢᠭᠤᠯᠤᠮᠵᠢ ᠶᠢᠨ 《 ᠭᠠᠷ》 ᠪᠣᠯᠬᠤ ᠵᠡᠷᠭᠡ ᠲᠣᠭᠣᠷᠢᠨ ᠳᠤ ᠰᠤᠳᠤᠯᠤᠨ ᠶᠠᠷᠢᠯᠴᠠᠪᠠ᠃ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠪᠦᠬᠦ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠂ ᠪᠦᠬᠦ ᠤᠯᠤᠰ ᠤᠨ ᠰᠢᠯᠢᠳᠡᠭ ᠨᠠᠮ ᠤᠨ ᠠᠵᠢᠯᠲᠠᠨ ᠦ᠋ ᡁᠢ ᠬᠣᠩ ᠨᠥᠬᠦᠷ ᠦᠨ ᠲᠡᠷᠢᠭᠦᠨ ᠦ ᠦᠢᠯᠡ ᠠᠵᠢᠯᠯᠠᠭ᠎ᠠ ᠶᠢᠨ ᠤᠬᠠᠭᠤᠯᠭ᠎ᠠ ᠶᠢᠨ ᠹᠢᠯᠢᠮ ᠢ ᠦᠵᠡᠪᠡ᠃ ᠬᠦᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠠᠬᠤᠢ ᠲᠠᠯᠠᠪᠠᠢ ᠳᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠮᠡᠳᠡᠷᠡᠪᠡ᠃ ᠶᠧ ᠼᠦᠩ ᠯᠠᠨ ᠪᠣᠯᠪᠠᠰᠤᠷᠠᠭᠤᠯᠤᠯ ᠲᠡᠭᠦᠰᠬᠦ ᠶᠣᠰᠣᠯᠠᠯ ᠢ ᠂ ᠪᠣᠯᠪᠠᠰᠤᠷᠠᠭᠤᠯᠤᠯ ᠢ ᠳ᠋ᠦᠩᠨᠡᠪᠡ᠃ ᠰᠤᠷᠤᠯᠴᠠᠭᠴᠢ ᠶᠢᠨ ᠲᠥᠯᠥᠭᠡᠯᠡᠭᠴᠢ ᠡᠴᠡ ᠰᠤᠳᠤᠯᠤᠨ ᠶᠠᠷᠢᠯᠴᠠᠭᠰᠠᠨ ᠪᠠᠢᠳᠠᠯ ᠢᠶᠠᠨ ᠬᠠᠷᠢᠭᠤ ᠮᠡᠳᠡᠭᠦᠯᠪᠡ᠃
ᠪᠦᠬᠦ ᠤᠯᠤᠰ ᠤᠨ ᠮᠤᠵᠢ᠂ ᠬᠣᠲᠠ᠂ ᠰᠢᠶᠡᠨ ᠬᠢᠭᠡᠳ ᠴᠡᠷᠢᠭ ᠠᠩᠭᠢ ᠶᠢᠨ ᠰᠢᠰᠲ᠋ᠧᠮ ᠦᠨ ᠣᠷᠣᠨ ᠨᠤᠲᠤᠭ ᠤᠨ ᠣᠢᠯᠠᠯᠭ᠎ᠠ ᠶᠢᠨ ᠠᠵᠢᠯ ᠤᠨ ᠪᠠᠢᠭᠤᠯᠤᠮᠵᠢ ᠶᠢᠨ ᠰᠢᠨ᠎ᠡ ᠬᠠᠷᠢᠭᠤᠴᠠᠯᠭᠠᠲᠠᠳ 130 ᠭᠠᠷᠤᠢ ᠪᠣᠯᠪᠠᠰᠤᠷᠠᠭᠤᠯᠤᠯ ᠳᠤ ᠣᠷᠣᠯᠴᠠᠪᠠ᠃ ᠲᠤᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠠᠳ᠂ ᠢᠲᠡᠭᠡᠯ ᠢᠶᠡᠨ ᠪᠠᠲᠤᠳᠬᠠᠵᠤ᠂ ᠴᠢᠭᠯᠡᠯ ᠢᠶᠡᠨ ᠲᠣᠳᠣᠷᠬᠠᠢᠯᠠᠵᠤ᠂ ᠴᠢᠳᠠᠪᠤᠷᠢ ᠪᠠᠨ ᠨᠡᠮᠡᠭᠳᠡᠭᠦᠯᠵᠦ᠂ ᠡᠷᠴᠢ ᠬᠥᠪᠴᠢᠯᠡᠪᠡ ᠬᠠᠷᠢᠭᠰᠠᠨ ᠤ ᠳᠠᠷᠠᠭ᠎ᠠ ᠂ ᠨᠠᠢᠳᠠᠪᠤᠷᠢᠵᠢᠭᠤᠯᠤᠨ ᠲᠤᠤᠱᠯᠠᠭᠤᠯᠬᠤ ᠶᠢ ᠠᠳᠬᠤᠵᠤ᠂ ᠣᠷᠣᠨ ᠨᠤᠲᠤᠭ ᠤᠨ ᠣᠢᠯᠠᠯᠭ᠎ᠠ ᠶᠢᠨ ᠦᠢᠯᠡᠰ ᠦᠨ ᠬᠥᠭᠵᠢᠯᠲᠡ ᠳᠦ ᠵᠣᠬᠢᠬᠤ ᠬᠤᠪᠢ ᠨᠡᠮᠡᠷᠢ ᠪᠡᠨ ᠃