ᠵᠤᠬᠢᠶᠠᠭᠴᠢ:
ᠴᠠᠭ:2021-08-14
ᠥᠵᠡᠭᠰᠡᠨ : ℃
ᠢᠷᠡᠯᠲᠡ:
ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠦᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠲᠠᠪᠤᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ ᠂ 2021 ᠣᠨ ᠤ 8 ᠰᠠᠷ᠎ᠠ ᠶᠢᠨ 10 ᠤ ᠡᠳᠦᠷ ᠂ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠢᠪᠠ᠃ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠦᠨ ᠱᠦᠵᠢ ᠾᠧ ᠪᠢᠶᠤᠤ ᠂ ᠳᠡᠳ᠋ ᠱᠦᠵᠢ ᠮᠸᠩ ᠰᠢᠸ ᠹᠠᠩ ᠂ ᠵᠣᠬᠢᠶᠠᠨ ᠪᠠᠶᠢᠭᠤᠯᠬᠤ ᠭᠡᠰᠢᠭᠦᠨ ᠵᠤᠤ ᠽᠠᠢ ᠸᠠᠩ ᠂ ᠤᠬᠠᠭᠤᠯᠬᠤ ᠭᠡᠰᠢᠭᠦᠨ ᠪᠢᠩ ᠱᠤᠸᠠᠩ ᠂ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠰᠢᠤᠢ ᠶᠤᠸᠠᠨ ᠶᠢᠩ ᠬᠤᠷᠠᠯ ᠳᠤ ᠣᠷᠣᠯᠴᠠᠪᠠ᠃ ᠪᠤᠰᠤᠳ ᠳᠡᠳ᠋ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠬᠤᠷᠠᠯ ᠳᠤ ᠰᠤᠯᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠲᠠᠪᠤᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠤᠨ ᠳᠠᠷᠤᠭ᠎ᠠ ᠴᠧᠩ ᠵᠢᠶᠦ᠋ᠨ ᠰᠢᠶᠤᠤ ᠂ ᠶᠦᠩ ᠴᠢᠶᠠᠩ ᠂ ᠪᠦᠷᠢᠯᠳᠦᠬᠦᠨ ᠽᠸ᠋ᠩ ᠰᠢᠶᠠᠩ ᠫᠢᠩ ᠂ ᠢᠦᠢ ᠶᠠ ᠴᠢᠩ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠦᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ ᠵᠠᠩ ᠱᠧᠩ ᠂ ᠪᠠᠶᠢᠭᠤᠯᠭ᠎ᠠ ᠶᠢᠨ ᠨᠠᠮ ᠤᠨ ᠬᠣᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠳ᠋ᠠᠶ ᠵᠢᠶᠠᠨ ᠹᠧᠩ ᠂ ᠠᠵᠢᠯᠲᠠᠨ ᠸᠠᠩ ᠶᠠᠩ ᠬᠤᠷᠠᠯ ᠳᠤ ᠣᠷᠣᠯᠴᠠᠨ ᠵᠢᠭᠠᠨ ᠵᠢᠯᠣᠭᠣᠳᠪᠠ᠃ ᠨᠠᠮ ᠤᠨ ᠡᠭᠦᠷ ᠦᠨ ᠳᠡᠳ᠋ ᠱᠦᠵᠢ ᠮᠸᠩ ᠰᠢᠸ ᠹᠠᠩ ᠬᠤᠷᠠᠯ ᠢ ᠡᠷᠭᠢᠯᠡᠪᠡ᠃
ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠡᠭᠡᠷ᠎ᠡ ᠂ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠦᠨ ᠱᠦᠵᠢ ᠾᠧ ᠪᠢᠶᠤᠤ ᠨᠠᠮ ᠤᠨ ᠡᠭᠦᠷ ᠦᠨ ᠢ ᠲᠥᠯᠥᠭᠡᠯᠡᠨ ᠶᠡᠷᠦᠩᠬᠡᠢ ᠱᠦᠵᠢ ᠰᠢ ᠶᠢᠨ ᠫᠢᠩ ᠦᠨ ᠨᠠᠮ ᠪᠠᠶᠢᠭᠤᠯᠤᠭᠳᠠᠭᠰᠠᠨ 100 ᠵᠢᠯ ᠦᠨ ᠤᠢ ᠶᠢᠨ ᠶᠡᠬᠡ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠭᠰᠠᠠ ᠪᠠᠶᠢᠳᠠᠯ ᠂ 2021 ᠣᠨ ᠤ ᠲᠦᠷᠦᠭᠦᠦ 8 ᠰᠠᠷ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠂ ᠴᠢᠷᠮᠠᠶᠢᠬᠤ ᠴᠢᠭᠯᠡᠯ ᠢᠶᠡᠨ ᠲᠣᠳᠣᠷᠬᠠᠶᠢᠯᠠᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠢ᠎ᠡ ᠳᠤᠷᠠᠳᠴᠠᠢ᠃
ᠾᠧ ᠪᠢᠶᠤᠤ ᠨᠥᠬᠥᠷ ᠲᠦᠷᠦᠭᠦᠯᠡᠨ ᠬᠠᠷᠢᠴᠠᠭᠤᠯᠤᠨ ᠪᠠᠶᠢᠴᠠᠭᠠᠵᠤ ᠂ ᠥᠪᠡᠷ ᠦᠨ ᠰᠢᠭᠦᠮᠵᠢᠯᠡᠯ ᠂ ᠪᠤᠰᠤᠳ ᠭᠡᠰᠢᠭᠦᠳ ᠲᠡᠭᠦᠨ ᠳᠦ ᠰᠢᠭᠦᠮᠵᠢᠯᠡᠬᠦ ᠰᠠᠨᠠᠯ ᠳᠤᠷᠠᠳᠪᠠ᠃ ᠳᠠᠷᠠᠭ᠎ᠠ ᠨᠢ ᠪᠤᠰᠤᠳ ᠭᠡᠰᠢᠭᠦᠳ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ ᠂ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠃ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠦᠨ ᠭᠡᠰᠢᠭᠦᠳ ᠠᠰᠠᠭᠤᠳᠠᠯ ᠢ ᠭᠦᠨᠵᠡᠭᠡᠶ ᠪᠠᠶᠢᠴᠠᠭᠠᠨ ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠤᠨ ᠰᠢᠯᠲᠠᠭᠠᠨ ᠢ ᠭᠦᠨᠵᠡᠭᠡᠶ ᠵᠠᠳᠠᠯᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠬᠣᠶᠢᠰᠢᠳᠠ ᠶᠢᠨ ᠴᠢᠷᠮᠠᠶᠢᠬᠤ ᠴᠢᠭᠯᠡᠯ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠲᠠᠪᠤᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠤᠨ ᠳᠠᠷᠤᠭ᠎ᠠ ᠴᠧᠩ ᠵᠢᠶᠦ᠋ᠨ ᠰᠢᠶᠤᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠡ᠃
ᠾᠧ ᠪᠢᠶᠤᠤ ᠨᠥᠬᠥᠷ ᠂ ᠲᠠᠷᠠᠭᠠᠴᠢ ᠶᠢᠨ ᠠᠯᠬᠤᠮ ᠳᠤ ᠨᠠᠮ ᠤᠨ ᠡᠭᠦᠷ ᠦᠨ ᠬᠢᠨ ᠵᠢᠯᠣᠭᠣᠳᠬᠤ ᠳᠤᠭᠤᠶᠢᠯᠠᠩ ᠤᠨ ᠰᠠᠨᠠᠯ ᠰᠠᠨᠠᠭᠤᠯᠭ᠎ᠠ ᠶᠢ ᠴᠢᠩᠭ᠎ᠠ ᠵᠢᠷᠤᠮᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ ᠂ ᠶᠡᠷᠦᠩᠬᠡᠢ ᠱᠦᠵᠢ ᠰᠢ ᠶᠢᠨ ᠫᠢᠩ ᠦᠨ 《7.1 》 ᠋ ᠤ ᠴᠢᠬᠤᠯᠠ ᠶᠠᠷᠢᠶᠠᠨ ᠤ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ ᠂ 《 ᠪᠢ ᠤᠯᠠᠨ ᠲᠦᠮᠡᠨ ᠳᠦ ᠶᠠᠪᠤᠳᠠᠯ ᠬᠢᠵᠦ ᠥᠭᠭᠦᠨ᠎ᠡ 》 ᠭᠡᠬᠦ ᠠᠵᠢᠯ ᠢ ᠦᠨᠡᠨ ᠬᠦ ᠰᠠᠶᠢᠲᠤᠷ ᠬᠢᠵᠦ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ 《 ᠲᠡᠦᠬᠡ ᠶᠣᠰᠣ ᠂ ᠲᠡᠦᠬᠡ ᠢᠲᠡᠭᠡᠯ ᠨᠡᠮᠡᠭᠳᠡᠭᠦᠯᠬᠦ ᠂ ᠲᠡᠦᠬᠡ ᠢ ᠡᠷᠬᠢᠮᠯᠡᠬᠦ ᠂ ᠲᠡᠦᠬᠡ ᠦᠶᠯᠡᠳᠦᠯᠭᠡᠵᠢᠭᠦᠯᠬᠦ 》《 ᠨᠠᠮ ᠤᠨ ᠲᠡᠦᠬᠡ ᠶᠢ ᠰᠤᠷᠤᠯᠴᠠᠬᠤ ᠂ ᠦᠵᠡᠯ ᠰᠠᠨᠠᠭ᠎ᠠ ᠶᠢ ᠂ ᠪᠣᠳᠠᠲᠠᠢ ᠶᠠᠪᠤᠳᠠᠯ ᠬᠢᠬᠦ ᠂ ᠰᠢᠨ᠎ᠡ ᠪᠠᠶᠢᠳᠠᠯ ᠢ 》 ᠬᠠᠷᠠᠯᠲᠠ ᠱᠠᠭᠠᠷᠳᠠᠯᠭ᠎ᠠ ᠳᠤ ᠭᠡᠵᠦ ᠢᠯᠡᠳᠬᠡᠪᠡ᠃