ᠵᠤᠬᠢᠶᠠᠭᠴᠢ:
ᠴᠠᠭ:2022-01-14
ᠥᠵᠡᠭᠰᠡᠨ : ℃
ᠢᠷᠡᠯᠲᠡ: ᠳᠤᠮᠳᠠᠲᠤ ᠤᠯᠤᠰ
ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠶᠠᠮᠤᠨ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠬᠠᠮᠲᠤᠷᠠᠨ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠦᠨ ᠲᠡᠷᠢᠭᠦᠨ ᠦ ᠬᠠᠮᠲᠤ ᠪᠣᠯᠤᠨ ᠲᠡᠷᠢᠭᠦᠨ ᠦ ᠠᠵᠢᠯᠲᠠᠨ ᠢ ᠬᠥᠬᠢᠭᠦᠯᠦᠨ ᠰᠠᠶᠢᠰᠢᠶᠠᠪᠠ
ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠶᠠᠮᠤᠨ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠬᠠᠮᠲᠤᠷᠠᠨ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠦᠨ ᠲᠡᠷᠢᠭᠦᠨ ᠦ ᠬᠠᠮᠲᠤ ᠪᠣᠯᠤᠨ ᠲᠡᠷᠢᠭᠦᠨ ᠦ ᠠᠵᠢᠯᠲᠠᠨ ᠢ ᠬᠥᠬᠢᠭᠦᠯᠦᠨ ᠰᠠᠶᠢᠰᠢᠶᠠᠪᠠ

2022 ᠣᠨ ᠤ 1 ᠰᠠᠷ᠎ᠠ ᠶᠢᠨ 11 ᠋ ᠦ ᠦᠳᠡ ᠶᠢᠨ ᠡᠮᠦᠨ᠎ᠡ ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠬᠥᠬᠢᠭᠦᠯᠦᠨ ᠰᠠᠶᠢᠰᠢᠶᠠᠬᠤ ᠬᠤᠷᠠᠯ ᠪᠡᠭᠡᠵᠢᠩ ᠳᠦ ᠬᠤᠷᠠᠯᠳᠤᠪᠠ᠃ ᠳᠤᠮᠳᠠᠳᠤ ᠤᠯᠤᠰ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠳᠡᠳ᠋ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠭᠤᠤ ᠰᠢᠶᠠᠩ ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠸᠠᠩ ᠱᠤᠤ ᠹᠸᠩ ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠶᠠᠮᠤᠨ ᠤ ᠤᠯᠤᠰ ᠤᠨ ᠬᠥᠬᠢᠭᠦᠯᠦᠨ ᠱᠠᠩᠨᠠᠬᠤ ᠠᠯᠪᠠᠨ ᠬᠡᠷ ᠦᠨ ᠡᠷᠬᠢᠯᠡᠭᠴᠢ ᠯᠢᠦ ᠯᠢ ᠵᠢᠶᠦ᠋ᠨ ᠬᠤᠷᠠᠯ ᠳᠤ ᠣᠷᠣᠯᠴᠠᠵᠤ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠬᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᠵᠢᠩ ᠵᠠᠶ ᠬᠤᠷᠠᠯ ᠢ ᠡᠷᠭᠢᠯᠡᠪᠡ᠃
ᠭᠤᠤ ᠰᠢᠶᠠᠩ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠢ ᠲᠥᠯᠥᠭᠡᠯᠡᠨ ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠦ ᠬᠠᠮᠲᠤ ᠪᠣᠯᠤᠨ ᠲᠡᠷᠢᠭᠦᠨ ᠦ ᠠᠵᠢᠯᠳᠠᠨ ᠳᠤ ᠬᠠᠯᠠᠭᠤᠨ ᠪᠠᠶᠠᠷ ᠬᠦᠷᠭᠡᠵᠦ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ! ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯᠲᠠᠳ ᠲᠤ ᠴᠢᠩ ᠰᠡᠳᠬᠢᠯ ᠦᠨ ᠮᠡᠨᠳᠦᠴᠢᠯᠡᠯ ᠳᠡᠪᠰᠢᠭᠦᠯᠪᠡ! ᠲᠡᠷᠡ ᠵᠢᠭᠠᠵᠤ ᠭᠠᠷᠭᠠᠭᠰᠠᠨ ᠨᠢ ᠂ 2005 ᠣᠨ ᠠᠴᠠ ᠡᠬᠢᠯᠡᠨ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠲᠠᠪᠤᠨ ᠵᠢᠯ ᠪᠦᠷᠢ ᠳᠦ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠶᠠᠮᠤᠨ ᠲᠠᠶ ᠬᠠᠮᠲᠤᠷᠠᠨ ᠨᠢᠭᠡ ᠤᠳᠠᠭᠠᠨ ᠤ ᠪᠥᠬᠥ ᠰᠢᠰᠲ᠋ᠧᠮ ᠦᠨ ᠲᠡᠷᠢᠭᠦᠨ ᠦ ᠬᠢ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ ᠂ ᠨᠡᠶᠢᠲᠡ 126 ᠲᠡᠷᠢᠭᠦᠨ ᠦ ᠬᠠᠮᠲᠤ ᠨᠢᠭᠡᠴᠢ ᠂ 40 ᠲᠡᠷᠢᠭᠦᠨ ᠦ ᠠᠵᠢᠯᠲᠠᠨ ᠢ ᠬᠥᠬᠢᠭᠦᠯᠦᠨ ᠰᠠᠶᠢᠰᠢᠶᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠵᠣᠷᠢᠭ ᠰᠥᠰᠥ ᠶᠢ ᠬᠥᠪᠴᠢᠯᠡᠬᠦ ᠲᠡᠦᠬᠡᠨ ᠡᠭᠦᠷᠭᠡᠯᠡᠯ ᠢ ᠬᠥᠭᠵᠢᠭᠡᠪᠡ᠃ 2020 ᠣᠨ ᠳᠤ ᠂ ᠶᠠᠳᠠᠭᠤ ᠶᠢ ᠲᠡᠳᠬᠦᠬᠦ ᠡᠮᠦᠨ᠎ᠡ ᠹᠷᠥᠡᠲᠲᠤ ᠪᠡᠶ᠎ᠡ ᠦᠷᠡᠭᠳᠡᠭᠰᠡᠨ ᠶᠦᠨᠨᠠᠨ ᠮᠤᠵᠢ ᠶᠢᠨ ᠬᠣᠩ ᠾᠧ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠦᠨ ᠤᠤᠯ ᠤᠨ ᠳᠡᠳ᠋ ᠡᠷᠬᠢᠯᠡᠭᠴᠢ ᡁᠢ ᠬᠣᠩ ᠨᠥᠬᠥᠷ ᠢ ᠪᠥᠬᠥ ᠤᠯᠤᠰ ᠤᠨ ᠨᠡᠶᠢᠲᠡᠯᠢᠭ ᠵᠢᠱᠢᠶ᠎ᠡ ᠪᠣᠯᠭᠠᠵᠤ ᠂ ᠰᠢᠨ᠎ᠡ ᠴᠠᠭ ᠦᠶ᠎ᠡ ᠶᠢᠨ ᠵᠣᠷᠢᠭ ᠰᠠᠨᠠᠭᠠᠨ ᠤ ᠴᠣᠭ ᠵᠢᠪᠬᠤᠭ᠎ᠠ ᠶᠢ ᠢᠯᠡᠷᠡᠭᠦᠯᠪᠡ᠃
ᠸᠠᠩ ᠱᠤᠤ ᠹᠸᠩ 《 ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠬᠠᠮᠲᠤ ᠪᠠ ᠲᠡᠷᠢᠭᠦᠨ ᠦ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ 》 ᠢ ᠤᠩᠰᠢᠨ ᠨᠡᠶᠢᠲᠡᠯᠡᠪᠡ᠃
ᠡᠨᠡ ᠤᠳᠠᠭᠠᠨ ᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠂ ᠪᠡᠭᠡᠵᠢᠩ ᠬᠣᠲᠠ ᠶᠢᠨ ᠮᠢ ᠶᠦᠨ ᠲᠣᠭᠣᠷᠢᠭ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠵᠡᠷᠭᠡ 32 ᠨᠢᠭᠡᠴᠡ 《 ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠬᠠᠮᠲᠤ 》 ᠶᠢᠨ ᠴᠣᠯᠠ ᠭᠥᠷᠳᠡᠵᠦ ᠂ ᠮᠧᠩ ᠫᠧᠩ ᠸᠸᠨ ᠵᠡᠷᠭᠡ 9 ᠨᠥᠬᠥᠷ 《 ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠠᠵᠢᠯᠲᠠᠨ 》 ᠤ ᠴᠣᠯᠠ ᠭᠥᠷᠳᠡᠪᠡ᠃ ᠬᠤᠪᠢ ᠬᠥᠮᠦᠨ ᠮᠤᠵᠢ ᠶᠠᠮᠤᠨ ᠤ ᠲᠠᠰ ᠤᠨ ᠱᠠᠩᠨᠠᠯ ᠭᠥᠷᠳᠡᠭᠰᠡᠳ ᠦᠨ ᠭᠥᠷᠳᠡᠨ᠎ᠡ᠃
ᠬᠤᠷᠠᠯ ᠰᠦᠯᠵᠢᠶᠡᠨ ᠪᠠ ᠰᠦᠯᠵᠢᠶᠡᠨ ᠶᠢ ᠤᠶᠠᠯᠳᠤᠭᠤᠯᠬᠤ ᠠᠷᠭ᠎ᠠ ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠬᠡᠷ ᠂ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠂ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠂ ᠪᠡᠭᠡᠵᠢᠩ ᠬᠣᠲᠠ ᠵᠢᠴᠢ ᠬᠣᠲᠠ ᠲᠣᠭᠣᠷᠢᠭ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠂ ᠲᠥᠪ ᠦᠨ ᠶᠢᠨ ᠣᠶᠢᠯᠠᠯᠭ᠎ᠠ ᠶᠢᠨ ᠪᠠᠶᠢᠭᠤᠯᠤᠮᠵᠢ ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠨᠠᠮ ᠤᠨ ᠲᠡᠦᠬᠡ ᠴᠡᠷᠢᠭ ᠦᠨ ᠲᠡᠦᠬᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ ᠪᠡᠭᠡᠵᠢᠩ ᠦᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 30 ᠮᠤᠵᠢ ᠣᠷᠣᠨ ᠬᠣᠲᠠ ᠪᠠ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ ᠂ ᠲᠤᠰᠬᠠᠶ ᠣᠷᠣᠨ ᠬᠣᠲᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠂ ᠲᠡᠷᠢᠭᠦᠨ ᠦ ᠬᠠᠮᠲᠤ ᠶᠢᠨ ᠲᠥᠯᠥᠭᠡᠯᠡᠭᠴᠢ ᠪᠠ ᠲᠡᠷᠢᠭᠦᠨ ᠦ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃