ᠵᠤᠬᠢᠶᠠᠭᠴᠢ:
ᠴᠠᠭ:2022-04-22
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 《 ᠰᠤᠷᠤᠯᠴᠠᠯᠭ᠎ᠠ ᠶᠢ ᠡᠷᠬᠢᠮᠯᠡᠬᠦ ᠂ ᠴᠢᠳᠠᠪᠤᠷᠢ ᠠᠳᠠᠯᠢᠳᠬᠠᠬᠤ 》 ᠰᠢᠷᠢᠰ ᠰᠤᠷᠤᠯᠴᠠᠯᠭ᠎ᠠ ᠥᠷᠨᠢᠭᠦᠯᠪᠡ

2022 ᠣᠨ ᠤ 4 ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 《 ᠰᠤᠷᠤᠯᠴᠠᠯᠭ᠎ᠠ ᠶᠢ ᠡᠷᠬᠢᠮᠯᠡᠬᠦ ᠂ ᠴᠢᠳᠠᠪᠤᠷᠢ ᠠᠳᠠᠯᠢᠳᠬᠠᠬᠤ 》 ᠰᠢᠷᠢᠰ ᠲᠥᠪᠯᠡᠷᠡᠩᠭᠦᠶ ᠰᠤᠷᠤᠯᠴᠠᠯᠭ᠎ᠠ ᠥᠷᠨᠢᠭᠦᠯᠵᠦ ᠂ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠤᠨ ᠳᠠᠷᠤᠭ᠎ᠠ 《 4·15 ᠪᠥᠬᠥ ᠠᠷᠠᠳ ᠤᠨ ᠤᠯᠤᠰ ᠤᠨ ᠠᠮᠤᠷ ᠲᠦᠪᠰᠢᠨ ᠦ ᠬᠥᠮᠦᠵᠢᠯ ᠦᠨ ᠡᠳᠦᠷ 》 ᠤᠨ ᠭᠤᠤᠯ ᠰᠡᠳᠦᠪ ᠦᠨ ᠲᠣᠭᠣᠷᠢᠨ ᠳᠤ ᠠᠷᠠᠳ ᠤᠨ ᠡᠳᠦᠷ ᠦᠨ ᠰᠣᠨᠢᠨ ᠤ 《 ᠳᠤᠮᠳᠠᠳᠤ ᠤᠯᠤᠰ ᠤᠨ ᠣᠨᠴᠠᠯᠢᠭ ᠲᠠᠶ ᠤᠯᠤᠰ ᠤᠨ ᠠᠮᠤᠷ ᠲᠦᠪᠰᠢᠨ ᠦ ᠵᠠᠮ ᠢ ᠭᠦᠨᠵᠡᠭᠡᠶ ᠲᠠᠨᠢᠶ᠎ᠠ ( ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ) 》 ᠪᠠ 《 ᠰᠢ ᠵᠢᠨ ᠫᠢᠩ ᠦᠨ 〈 〉 ᠤᠯᠤᠰ ᠤᠨ ᠠᠮᠤᠷ ᠲᠦᠪᠰᠢᠨ ᠦ ᠲᠤᠬᠠᠶ ᠥᠭᠦᠯᠡᠬᠦ ᠨᠢ 》 ᠭᠡᠬᠦ ᠵᠣᠬᠢᠶᠠᠯ ᠢ ᠳᠠᠭᠠᠭᠤᠯᠤᠨ ᠰᠤᠷᠤᠯᠴᠠᠭᠤᠯᠪᠠ ᠃
ᠲᠥᠪ ᠦᠨ ᠨᠠᠮ ᠤᠨ ᠰᠤᠷᠭᠠᠭᠤᠯᠢ ( ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ) ᠵᠢᠨ ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠳᠤᠯᠭᠠᠨ ᠤ ᠲᠥᠪ ᠵᠡᠷᠭᠡ ᠰᠠᠯᠠᠭ᠎ᠠ ᠮᠥᠴᠢᠷ ᠦᠨ ᠬᠠᠮᠲᠤᠷᠠᠨ ᠬᠢᠵᠦ ᠪᠦᠲᠦᠭᠡᠭᠰᠡᠨ 《 ᠵᠠᠭᠤᠨ ᠵᠢᠯ ᠦᠨ ᠨᠠᠮ ᠤᠨ ᠳᠡᠬᠢ ᠬᠤᠪᠢᠰᠬᠠᠯ ᠤᠨ ᠰᠣᠩᠭᠣᠳᠠᠭ 》 ᠭᠣᠣᠯ ᠰᠡᠳᠦᠪᠲᠦ 《 ᠨᠠᠮ ᠤᠨ ᠰᠤᠷᠭᠠᠭᠤᠯᠢ ᠶᠢᠨ ᠢᠯᠡ ᠬᠢᠴᠢᠶᠡᠯ 》᠋ ᠢ ᠂ 《〈ᠨᠠᠮ ᠤᠨ ᠪᠤᠷᠤᠭᠤ ᠦᠵᠡᠯ ᠰᠠᠨᠠᠭ᠎ᠠ ᠶᠢ ᠵᠠᠯᠠᠷᠠᠭᠤᠯᠬᠤ ᠲᠤᠬᠠᠢ 〉ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢᠨ ᠲᠤᠬᠠᠢ 》 ( ᠼᠦᠢ ᠯᠢ ᠬᠤᠸᠠ ᠳᠡᠳ᠋ ) ᠂ 《 ᠭᠤᠷᠪᠠᠨ ᠵᠣᠬᠢᠶᠠᠯ 》ᠪᠣᠯᠤᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ 》( ᠲᠤᠤ ᠶᠤᠸᠠᠨ ᠬᠤᠤ ᠳᠡᠳ᠋ ) ᠭᠡᠬᠦ ᠬᠢᠴᠢᠶᠡᠯ ᠢ ᠨᠠᠷᠢᠨ ᠬᠢᠨᠠᠮᠠᠭᠠᠢ ᠰᠣᠨᠣᠰᠴᠤ ᠰᠤᠷᠤᠯᠴᠠᠪᠠ᠃
ᠾᠧ ᠪᠢᠶᠤᠤ ᠡᠷᠬᠢᠯᠡᠭᠴᠢ ᠵᠢᠭᠠᠵᠤ ᠭᠠᠷᠭᠠᠭᠰᠠᠨ ᠨᠢ ᠂ 2022 ᠣᠨ ᠤ 4 ᠰᠠᠷ᠎ᠠ ᠶᠢᠨ 15 ᠤ ᠡᠳᠦᠷ ᠪᠣᠯ 《 ᠪᠥᠬᠥ ᠠᠷᠠᠳ ᠤᠨ ᠤᠯᠤᠰ ᠤᠨ ᠠᠮᠤᠷ ᠲᠦᠪᠰᠢᠨ ᠦ ᠬᠥᠮᠦᠵᠢᠯ ᠦᠨ ᠡᠳᠦᠷ 》 ᠪᠣᠯᠤᠨ᠎ᠠ ᠂ ᠶᠡᠷᠦᠩᠬᠡᠶ ᠱᠦᠵᠢ ᠰᠢ ᠵᠢᠨ ᠫᠢᠩ《 ᠤᠯᠤᠰ ᠤᠨ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ 》ᠭᠡᠵᠦ ᠣᠯᠠᠨᠲᠠ ᠴᠢᠬᠤᠯᠠᠴᠢᠯᠠᠵᠤ ᠂ ᠲᠠᠰᠤᠷᠠᠯᠲᠠ ᠥᠬᠡᠶ ᠭᠠᠷᠴᠤ ᠪᠠᠶᠢᠭ᠎ᠠ ᠪᠥᠬᠥ ᠪᠥᠮᠪᠥᠷᠴᠡᠭ ᠦᠨ ᠣᠷᠣᠭ᠎ᠠ ᠪᠤᠰᠬᠠᠭ᠎ᠠ ᠶᠢᠨ ᠡᠬᠢ ᠪᠠ ᠲᠦᠭᠰᠢᠭᠦᠷᠢ ᠶᠢᠨ ᠴᠡᠭ ᠦᠨ ᠡᠮᠦᠨ᠎ᠡ᠂ ᠬᠥᠭᠵᠢᠯᠲᠡ ᠳᠦ ᠦᠵᠡᠭᠦᠯᠬᠦ ᠲᠤᠶᠢᠯ ᠤᠨ ᠴᠢᠬᠤᠯᠠ ᠴᠢᠨᠠᠷ ᠡᠳᠦᠷ ᠢᠷᠡᠬᠦᠶ᠎ᠡ ᠢᠯᠡᠷᠬᠡᠶ ᠪᠣᠯᠵᠣ ᠪᠠᠶᠢᠨ᠎ᠠ᠃ ᠮᠠᠨ ᠤ ᠤᠯᠤᠰ ᠶᠠᠭ 《 ᠣᠩᠭᠣᠴᠠ ᠤᠷᠤᠰᠬᠠᠯ ᠳᠤᠮᠳᠠ ᠬᠦᠷᠬᠦ ᠳᠦ ᠳᠠᠪᠠᠯᠭᠠᠨ ᠨᠡᠩ ᠰᠢᠷᠦᠭᠦᠰᠴᠦ ᠂ ᠬᠥᠮᠦᠨ ᠬᠢᠷ᠎ᠠ ᠬᠦᠷᠬᠦ ᠳᠦ ᠵᠠᠮ ᠨᠡᠩ ᠡᠭᠴᠡ ᠪᠣᠯᠬᠤ 》ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠂ ᠤᠯᠤᠰ ᠤᠨ ᠶᠡᠷᠦᠩᠬᠡᠢ ᠠᠮᠤᠷ ᠲᠦᠪᠰᠢᠨ ᠦ ᠦᠵᠡᠯᠲᠡ ᠪᠡᠷ ᠶᠡᠷᠦᠩᠬᠡᠶᠢᠯᠡᠨ ᠵᠢᠯᠤᠭᠤᠳᠤᠭᠤᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠲᠠᠶ ᠤᠯᠤᠰ ᠤᠨ ᠠᠮᠤᠷ ᠲᠦᠪᠰᠢᠨ ᠦ ᠵᠠᠮ ᠢ ᠭᠦᠢᠴᠡᠳ ᠢᠯᠡᠷᠡᠭᠦᠯᠬᠦ ᠨᠢ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠠᠷᠠᠳ ᠲᠦᠮᠡᠨ ᠦ ᠠᠮᠤᠷ ᠠᠮᠤᠭᠤᠯᠠᠩ ᠠᠵᠤ ᠲᠦᠷᠦᠭᠦ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠶ ᠶᠤᠮ᠃
ᠾᠧ ᠪᠢᠶᠤᠤ ᠡᠷᠬᠢᠯᠡᠭᠴᠢ ᠂ ᠤᠯᠤᠰ ᠲᠥᠷᠥ ᠶᠢᠨ ᠵᠣᠭᠰᠣᠯᠲᠠ ᠪᠠᠨ ᠴᠢᠨᠠᠭᠰᠢᠳᠠ ᠪᠠᠲᠤᠳᠬᠠᠵᠤ ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠬᠥᠮᠦᠵᠢᠯ ᠢ ᠨᠠᠷᠢᠨ ᠬᠢᠨᠠᠮᠠᠭᠠᠶ ᠰᠠᠶᠢᠲᠤᠷ ᠥᠷᠨᠢᠭᠦᠯᠵᠦ ᠂ ᠤᠯᠤᠰ ᠲᠥᠷᠥ ᠪᠡᠷ ᠨᠠᠮ ᠪᠠᠶᠢᠭᠤᠯᠬᠤ ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠡᠨᠡ ᠬᠦ ᠦᠨᠳᠦᠰᠦᠨ ᠵᠠᠷᠴᠢᠮ ᠢ ᠭᠤᠶᠢᠪᠢᠰᠢ ᠥᠬᠡᠶ ᠴᠢᠩᠭ᠎ᠠ ᠠᠳᠬᠤᠵᠤ ᠂ ᠠᠷᠠᠳ ᠲᠦᠮᠡᠨ ᠢᠶᠡᠷ ᠭᠤᠤᠯ ᠪᠣᠯᠭᠠᠬᠤ ᠬᠥᠭᠵᠢᠯᠲᠡ ᠶᠢᠨ ᠢ ᠪᠠᠲᠤ ᠪᠣᠶ ᠪᠣᠯᠭᠠᠵᠤ ᠂ ᠨᠠᠮ ᠤᠨ ᠣᠯᠠᠨ ᠲᠦᠮᠡᠨᠴᠢ ᠱᠤᠭᠤᠮ ᠢ ᠡᠷᠡᠰ ᠬᠡᠷᠡᠭᠵᠢᠭᠦᠯᠵᠦ ᠂ ᠪᠥᠬᠥ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢ ᠪᠥᠬᠥ ᠬᠦᠴᠦᠨ ᠢᠶᠡᠷ ᠢᠶᠡᠨ ᠠᠬᠢᠭᠤᠯᠵᠤ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠠᠮᠵᠢᠯᠲᠠ ᠲᠠᠶ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃