ᠵᠤᠬᠢᠶᠠᠭᠴᠢ:
ᠴᠠᠭ:2022-05-09
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
《 ᠣᠷᠳᠣᠰ ᠬᠣᠲᠠ ᠶᠢᠨ ᠣᠶᠢᠯᠠᠯᠭ᠎ᠠ ( 1990—2010 ) 》 ᠲᠠᠷᠬᠠᠭᠠᠬᠤ ᠶᠣᠰᠣᠯᠠᠯ ᠶᠠᠪᠤᠭᠳᠠᠪᠠ
2022 ᠣᠨ ᠤ 4 ᠰᠠᠷ᠎ᠠ ᠶᠢᠨ 21 ᠦ ᠡᠳᠦᠷ ᠂ 《 ᠣᠷᠳᠣᠰ ᠬᠣᠲᠠ ᠶᠢᠨ ᠣᠶᠢᠯᠠᠯᠭ᠎ᠠ ( 1990—2010 ) 》 ᠶᠢ ᠲᠠᠷᠬᠠᠭᠠᠬᠤ ᠶᠣᠰᠣᠯᠠᠯ ᠣᠷᠳᠣᠰ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠂ ᠣᠷᠳᠣᠰ ᠬᠣᠲᠠ ᠶᠢᠨ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠬᠣᠲᠠ ᠶᠢᠨ ᠳᠡᠳ᠋ ᠳᠠᠷᠤᠭ᠎ᠠ ᠼᠦᠢ ᠹᠠᠩ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃ ᠶᠣᠰᠣᠯᠠᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠦᠨ ᠳᠠᠷᠤᠭ᠎ᠠ ᠂ ᠠᠯᠪᠠᠨ ᠭᠡᠷ ᠦᠨ ᠡᠷᠬᠢᠯᠡᠭᠴᠢ ᠵᠠᠩ ᠵᠦᠩ ᡁᠢ ᠡᠷᠬᠢᠯᠡᠪᠡ᠃
ᠾᠧ ᠪᠢᠶᠤᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 《 ᠣᠷᠳᠣᠰ ᠬᠣᠲᠠ ᠶᠢᠨ ᠣᠶᠢᠯᠠᠯᠭ᠎ᠠ ( 1990—2010 ) 》 ᠶᠢ ᠬᠡᠪᠯᠡᠨ ᠲᠠᠷᠬᠠᠭᠠᠭᠰᠠᠨ ᠳᠤ ᠪᠠᠶᠠᠷ ᠬᠦᠷᠭᠡᠪᠡ᠃ ᠡᠭᠦᠨ ᠦ ᠬᠠᠮᠲᠤ ᠣᠷᠳᠣᠰ ᠬᠣᠲᠠ ᠶᠢᠨ ᠨᠠᠮ ᠤᠨ ᠬᠣᠷᠢᠶ᠎ᠠ ᠂ ᠬᠣᠲᠠ ᠶᠢᠨ ᠵᠠᠰᠠᠭ ᠤᠨ ᠣᠷᠳᠣᠨ ᠳᠤ 《 ᠣᠷᠳᠣᠰ ᠬᠣᠲᠠ ᠶᠢᠨ ᠣᠶᠢᠯᠠᠯᠭ᠎ᠠ ( 1990—2010 ) 》 ᠨᠠᠶᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠬᠦᠴᠦᠲᠡᠶ ᠳᠡᠮᠵᠢᠭᠰᠡᠨ ᠵᠢᠴᠢ ᠨᠠᠶᠢᠷᠠᠭᠤᠯᠬᠤ ᠬᠡᠯᠲᠡᠰ ᠦᠨ ᠨᠥᠬᠥᠳ ᠦᠨ ᠰᠢᠷᠭᠠᠭᠤ ᠠᠵᠢᠯᠯᠠᠭᠰᠠᠨ ᠳᠤ ᠴᠢᠩ ᠰᠡᠳᠬᠢᠯ ᠦᠨ ᠲᠠᠯᠠᠷᠬᠠᠯ ᠢᠶᠠᠨ ᠳᠡᠪᠰᠢᠭᠦᠯᠪᠡ᠃
ᠼᠦᠢ ᠹᠠᠩ ᠪᠠᠶᠠᠷ ᠤᠨ ᠦᠭᠡ ᠳᠡᠭᠡᠨ ᠂ 《 ᠣᠷᠳᠣᠰ ᠬᠣᠲᠠ ᠶᠢᠨ ᠣᠶᠢᠯᠠᠯᠭ᠎ᠠ ( 1990—2010 ) 》 ᠨᠢ ᠲᠡᠦᠬᠡ ᠶᠢᠨ ᠦᠷᠭᠦᠯᠵᠢᠯᠡᠯ ᠂ ᠰᠣᠶᠣᠯ ᠤᠨ ᠤᠯᠠᠮᠵᠢᠯᠠᠯ ᠂ ᠣᠳᠣᠬᠠᠨ ᠤ ᠪᠦᠳᠦᠭᠡᠨ ᠪᠠᠶᠢᠭᠤᠯᠤᠯᠲᠠ ᠂ ᠢᠷᠡᠭᠡᠳᠦᠢ ᠶᠢᠨ ᠬᠥᠭᠵᠢᠯᠲᠡ ᠳᠦ ᠬᠣᠯᠪᠣᠭᠳᠠᠨ᠎ᠠ᠃ 《 ᠣᠷᠳᠣᠰ ᠬᠣᠲᠠ ᠶᠢᠨ ᠣᠶᠢᠯᠠᠯᠭ᠎ᠠ ( 1990—2010 ) 》 ᠶᠢᠨ ᠰᠣᠶᠣᠯ ᠤᠨ ᠥᠷᠲᠡᠭ ᠢ ᠭᠦᠨᠵᠡᠭᠡᠶ ᠲᠠᠨᠢᠵᠤ ᠂ ᠲᠡᠦᠬᠡ ᠶᠢᠨ ᠥᠷᠲᠡᠭ ᠢ ᠣᠨᠣᠪᠴᠢᠲᠠᠶ ᠡᠵᠡᠮᠰᠢᠨ ᠂ ᠪᠣᠳᠠᠲᠤ ᠦᠨ᠎ᠡ ᠥᠷᠲᠡᠭ ᠢ ᠭᠦᠶᠴᠡᠳ ᠪᠠᠳᠠᠷᠠᠭᠤᠯᠬᠤ ᠬᠡᠷᠡᠭᠲᠡᠶ᠃ ᠣᠶᠢᠯᠠᠯᠭ᠎ᠠ ᠨᠠᠶᠢᠷᠠᠭᠤᠯᠬᠤ ᠂ ᠣᠶᠢᠯᠠᠯᠭ᠎ᠠ ᠤᠩᠰᠢᠬᠤ ᠂ ᠣᠶᠢᠯᠠᠯᠭ᠎ᠠ ᠬᠡᠷᠡᠭᠯᠡᠬᠦ ᠶᠢ ᠵᠡᠷᠭᠡ ᠳᠦᠨᠢ ᠡᠷᠬᠢᠮᠯᠡᠬᠦ ᠶᠢ ᠪᠠᠷᠢᠮᠲᠠᠯᠠᠨ ᠂ ᠣᠷᠣᠨ ᠨᠤᠲᠤᠭ ᠤᠨ ᠣᠶᠢᠯᠠᠯᠭ᠎ᠠ ᠶᠢᠨ ᠦᠷ᠎ᠡ ᠪᠦᠲᠦᠭᠡᠯ ᠢ ᠭᠦᠢᠴᠡᠳ ᠬᠡᠷᠡᠭᠯᠡᠨ ᠠᠵᠤ ᠠᠬᠤᠶ ᠨᠡᠶᠢᠭᠡᠮ ᠦᠨ ᠡᠯ᠎ᠡ ᠵᠦᠢᠯ ᠦᠨ ᠦᠢᠯᠡᠰ ᠦᠨ ᠬᠥᠭᠵᠢᠯᠲᠡ ᠳᠦ ᠃ ᠲᠠᠷᠠᠭᠠᠴᠢ ᠶᠢᠨ ᠠᠯᠬᠤᠮ ᠳᠤ ᠂ 《 ᠣᠷᠳᠣᠰ ᠬᠣᠲᠠ ᠶᠢᠨ ᠣᠶᠢᠯᠠᠯᠭ᠎ᠠ ( 1990—2010 ) 》 ᠲᠠᠷᠬᠠᠭᠠᠬᠤ ᠠᠵᠢᠯ ᠂ ᠤᠬᠠᠭᠤᠯᠬᠤ ᠠᠵᠢᠯ ᠪᠣᠯᠤᠨ ᠠᠰᠢᠭᠯᠠᠬᠤ ᠠᠵᠢᠯ ᠢ ᠰᠠᠶᠢᠲᠤᠷ ᠬᠢᠵᠦ ᠂ ᠣᠷᠣᠨ ᠨᠤᠲᠤᠭ ᠤᠨ ᠣᠶᠢᠯᠠᠯᠭ᠎ᠠ ᠠᠴᠠ ᠲᠡᠦᠬᠡ ᠶᠢᠨ ᠲᠤᠷᠰᠢᠯᠭ᠎ᠠ ᠪᠣᠯᠤᠨ ᠶᠠᠪᠤᠭᠤᠯᠬᠤ ᠣᠶᠤᠨ ᠤᠬᠠᠭᠠᠨ ᠢ ᠰᠢᠩᠭᠡᠭᠡᠨ ᠠᠪᠴᠤ ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃
《 ᠣᠷᠳᠣᠰ ᠬᠣᠲᠠ ᠶᠢᠨ ᠣᠶᠢᠯᠠᠯᠭ᠎ᠠ ( 1990—2010 ) 》 ᠶᠢᠨ ᠳᠡᠳ᠋ ᠨᠠᠶᠢᠷᠠᠭᠤᠯᠤᠭᠴᠢ ᠵᠣᠣ ᠭᠦᠸᠧ ᠴᠦᠨ ᠂ ᠤᠷᠢᠭᠳᠠᠭᠰᠠᠨ ᠲᠤᠰᠬᠠᠶ ᠮᠡᠷᠭᠡᠵᠢᠯᠲᠡᠨ ᠦ ᠲᠥᠯᠥᠭᠡᠯᠡᠭᠴᠢ ᠂ ᠣᠷᠳᠣᠰ ᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠦᠨ ᠤᠤᠯ ᠤᠨ ᠪᠠᠶᠢᠴᠠᠭᠠᠨ ᠰᠤᠳᠤᠯᠤᠭᠴᠢ ᠸᠠᠩ ᠰᠢᠨ ᠭᠠᠩ ᠲᠣᠰ ᠲᠣᠰ ᠂ ᠨᠠᠶᠢᠷᠠᠭᠤᠯᠤᠨ ᠪᠢᠴᠢᠭᠰᠡᠨ ᠠᠵᠢᠯ ᠤᠨ ᠪᠠᠶᠢᠳᠠᠯ ᠢᠶᠠᠨ ᠲᠠᠨᠢᠯᠴᠠᠭᠤᠯᠪᠠ᠃
ᠣᠷᠳᠣᠰ ᠬᠣᠲᠠ ᠶᠢᠨ ᠨᠠᠮ ᠤᠨ ᠬᠣᠷᠢᠶ᠎ᠠ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠂ ᠬᠣᠲᠠ ᠶᠢᠨ ᠣᠷᠣᠨ ᠲᠣᠭᠠᠨ ᠤ ᠵᠥᠪᠯᠡᠯ ᠦᠨ ᠠᠯᠪᠠᠨ ᠬᠡᠷ ᠂ ᠬᠥᠭᠵᠢᠭᠦᠯᠦᠯᠲᠡ ᠥᠭᠡᠷᠡᠴᠢᠯᠡᠯᠲᠡ ᠂ ᠬᠠᠤᠯᠢ ᠴᠠᠭᠠᠵᠠ ᠂ ᠡᠳ᠋ ᠦᠨ ᠵᠠᠰᠠᠭ ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠂ ᠰᠣᠶᠣᠯ ᠵᠢᠭᠤᠯᠴᠢᠯᠠᠯ ᠂ ᠲᠣᠭ᠎ᠠ ᠪᠦᠷᠢᠳᠬᠡᠯ ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠳ ᠂ 《 ᠣᠷᠳᠣᠰ ᠬᠣᠲᠠ ᠶᠢᠨ ᠣᠶᠢᠯᠠᠯᠭ᠎ᠠ ( 1990—2010 ) 》 ᠶᠢᠨ ᠨᠠᠶᠢᠷᠠᠭᠤᠯᠬᠤ ᠬᠡᠯᠲᠡᠰ ᠦᠨ ᠨᠥᠬᠥᠳ ᠂ ᠣᠷᠣᠨ ᠨᠤᠲᠤᠭ ᠤᠨ ᠣᠶᠢᠯᠠᠯᠭ᠎ᠠ ᠶᠢᠨ ᠲᠤᠰᠬᠠᠶ ᠮᠡᠷᠭᠡᠵᠢᠯᠲᠡᠨ ᠂ ᠵᠠᠭᠤᠴᠢᠯᠠᠭᠤᠷ ᠤᠨ ᠨᠡᠶᠢᠲᠡ 30 ᠭᠠᠷᠤᠶ ᠬᠥᠮᠦᠨ ᠲᠠᠷᠬᠠᠭᠠᠬᠤ ᠶᠣᠰᠣᠯᠠᠯ ᠳᠤ ᠣᠷᠣᠯᠴᠠᠪᠠ᠃