ᠵᠤᠬᠢᠶᠠᠭᠴᠢ:
ᠴᠠᠭ:2022-05-09
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠦᠨ ᠪᠠᠶᠢᠳᠠᠯ ᠲᠠᠶ ᠲᠡᠮᠡᠴᠡᠭᠰᠡᠨ ᠣᠶᠢᠯᠠᠯᠭ᠎ᠠ 》 ᠶᠢᠨ ᠲᠥᠷᠥᠯ ᠵᠦᠶᠯ ᠦᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠲᠤᠰᠬᠠᠶ ᠮᠡᠷᠭᠡᠵᠢᠯᠲᠡᠨ ᠢᠶᠡᠷ ᠨᠤᠲᠠᠯᠠᠭᠤᠯᠬᠤ ᠬᠤᠷᠠᠯ ᠬᠤᠷᠠᠯᠳᠤᠭᠤᠯᠪᠠ

ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ ᠂ ᠣᠷᠣᠨ ᠨᠤᠲᠤᠭ ᠤᠨ ᠣᠶᠢᠯᠠᠯᠭ᠎ᠠ ᠶᠢᠨ ᠲᠡᠦᠬᠡ ᠶᠢ ᠬᠠᠳᠠᠭᠠᠯᠠᠬᠤ ᠂ ᠵᠠᠰᠠᠭ ᠲᠤ ᠲᠤᠰᠠᠯᠠᠬᠤ ᠂ ᠦᠶᠯᠡᠳᠦᠯ ᠢ ᠭᠦᠶᠴᠡᠳ ᠪᠠᠳᠠᠷᠠᠭᠤᠯᠵᠤ ᠂ ᠪᠥᠬᠥ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠢ ᠰᠡᠷᠭᠡᠶᠢᠯᠡᠨ ᠬᠣᠷᠢᠭᠯᠠᠬᠤ ᠠᠵᠢᠯ ᠢ ᠪᠥᠬᠥ ᠲᠠᠯ᠎ᠠ ᠪᠠᠷ ᠂ ᠣᠨᠣᠪᠴᠢᠲᠠᠶ ᠂ ᠰᠢᠰᠲ᠋ᠧᠮ ᠲᠡᠶ ᠲᠡᠮᠳᠡᠭᠯᠡᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ 2021 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠮᠡᠳᠡᠭᠳᠡᠯ ᠪᠠᠭᠤᠯᠭᠠᠵᠤ ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠲᠡᠶ ᠲᠡᠮᠡᠴᠡᠭᠰᠡᠨ ᠣᠶᠢᠯᠠᠯᠭ᠎ᠠ 》 ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠠᠵᠢᠯ ᠢ ᠡᠬᠢᠯᠡᠭᠦᠯᠪᠡ᠃
2022 ᠣᠨ ᠤ 4 ᠰᠠᠷ᠎ᠠ ᠶᠢᠨ 22 ᠤᠨ ᠡᠳᠦᠷ ᠂ ᠲᠥᠷᠥᠯ ᠵᠦᠶᠯ ᠦᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠦᠨ ᠪᠠᠶᠢᠳᠠᠯ ᠲᠠᠶ ᠲᠡᠮᠡᠴᠡᠭᠰᠡᠨ ᠣᠶᠢᠯᠠᠯᠭ᠎ᠠ 》 ᠶᠢᠨ ᠲᠥᠷᠥᠯ ᠵᠦᠶᠯ ᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠲᠤᠰᠬᠠᠶ ᠮᠡᠷᠭᠡᠵᠢᠯᠲᠡᠨ ᠢᠶᠡᠷ ᠨᠤᠲᠠᠯᠠᠭᠤᠯᠬᠤ ᠬᠤᠷᠠᠯ ᠃ ᠬᠤᠷᠠᠯ ᠂ ᠬᠢᠨᠠᠨ ᠨᠠᠶᠢᠷᠠᠭᠤᠯᠤᠭᠴᠢ ᠸᠠᠩ ᠂ ᠳᠡᠳ᠋ ᠬᠢᠨᠠᠨ ᠨᠠᠶᠢᠷᠠᠭᠤᠯᠤᠭᠴᠢ ᠂ ᠳᠡᠭᠡᠳᠦ ᠵᠡᠷᠭᠡ ᠶᠢᠨ ᠨᠢᠭᠲᠠᠯᠠᠨ ᠪᠤᠲᠤᠭᠴᠢ ᠰᠦᠨ ᠰᠢᠶᠤᠤ ᠯᠢᠨ ᠵᠡᠷᠭᠡ 4 ᠬᠥᠮᠦᠨ ᠢ ᠤᠷᠢᠵᠤ ᠲᠤᠰᠬᠠᠢ ᠮᠡᠷᠭᠡᠵᠢᠯᠲᠡᠨ ᠦ ᠨᠤᠲᠠᠯᠠᠯᠲᠠ ᠶᠢᠨ ᠬᠤᠷᠠᠯ ᠳᠤ ᠣᠷᠣᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠠᠶᠢᠮᠠᠭ ᠬᠣᠲᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠪᠦᠬᠦ ᠠᠵᠢᠯᠲᠠᠨ ᠵᠢᠴᠢ ᠡᠳ᠋ ᠦᠨ ᠶᠠᠪᠤᠳᠠᠯ ᠤᠨ ᠠᠵᠢᠯᠲᠠᠨ ᠃
ᠬᠤᠷᠠᠯ ᠳᠡᠭᠡᠷ᠎ᠡ ᠂ ᠵᠣᠣ ᠽᠠᠢ ᠸᠠᠩ ᠲᠥᠷᠥᠯ ᠵᠦᠶᠯ ᠦᠨ ᠠᠬᠤᠶ ᠪᠠᠶᠢᠳᠠᠯ ᠪᠠ ᠦᠨᠳᠦᠰᠦᠨ ᠪᠠᠶᠢᠳᠠᠯ ᠢ ᠲᠠᠨᠢᠯᠴᠠᠭᠤᠯᠵᠤ ᠂ ᠲᠥᠷᠥᠯ ᠵᠦᠶᠯ ᠦᠨ ᠬᠤᠳᠠᠯᠳᠤᠨ ᠠᠪᠬᠤ ᠬᠡᠷᠡᠭᠴᠡᠭᠡ ᠶᠢ ᠨᠤᠲᠠᠯᠠᠬᠤ ᠳᠤᠭᠤᠶᠢᠯᠠᠩ ᠪᠠᠶᠢᠭᠤᠯᠵᠤ ᠂ ᠴᠠᠭᠠᠨᠯᠠᠩᠲᠤᠤ ᠶᠢ ᠲᠤᠰᠬᠠᠶ ᠮᠡᠷᠭᠡᠵᠢᠯᠲᠡᠨ ᠦ ᠳᠤᠭᠤᠶᠢᠯᠠᠩ ᠤᠨ ᠳᠠᠷᠤᠭ᠎ᠠ ᠪᠠᠷ ᠰᠣᠩᠭᠣᠪᠠ᠃ ᠲᠤᠰᠬᠠᠶ ᠮᠡᠷᠭᠡᠵᠢᠯᠲᠡᠳ ᠲᠥᠷᠥᠯ ᠵᠦᠶᠯ ᠦᠨ ᠴᠢᠬᠤᠯᠠ ᠴᠢᠨᠠᠷ ᠂ ᠴᠢᠨᠠᠷ ᠂ ᠪᠣᠯᠤᠮᠵᠢᠲᠤ ᠴᠢᠨᠠᠷ ᠵᠡᠷᠭᠡ ᠲᠠᠯ᠎ᠠ ᠪᠠᠷ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ ᠂ ᠬᠠᠮᠤᠭ ᠰᠡᠭᠦᠯ ᠳᠦ ᠨᠢᠭᠡᠳᠦᠯᠲᠡᠶ ᠨᠤᠲᠠᠯᠠᠯᠲᠠ ᠶᠢᠨ ᠰᠠᠨᠠᠯ ᠢ ᠬᠠᠮᠲᠤ 《 ᠨᠤᠲᠠᠯᠠᠯᠲᠠ ᠶᠢᠨ ᠰᠠᠨᠠᠯ 》 ᠤᠨ ᠪᠢᠴᠢᠭ ᠲᠦ ᠭᠠᠷ ᠤᠨ ᠥᠰᠥᠭ ᠵᠢᠷᠤᠪᠠ᠃