ᠵᠤᠬᠢᠶᠠᠭᠴᠢ:
ᠴᠠᠭ:2022-05-09
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠲᠠᠯ᠎ᠠ ᠨᠤᠲᠤᠭ ᠤᠨ ᠲᠣᠷᠭᠠᠨ ᠵᠠᠮ ᠤᠨ ᠪᠢᠴᠢᠯ ᠸᠢᠳᠢᠣ᠋ ᠦᠶᠯᠡᠳᠬᠦ ᠲᠥᠷᠥᠯ ᠵᠦᠶᠯ ᠦᠨ ᠲᠤᠰᠬᠠᠶ ᠮᠡᠷᠭᠡᠵᠢᠯᠲᠡᠨ ᠦ ᠨᠤᠲᠠᠯᠠᠯᠲᠠ ᠶᠢᠨ ᠬᠤᠷᠠᠯ ᠬᠤᠷᠠᠯᠳᠤᠭᠤᠯᠪᠠ

ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠣᠯᠢᠯᠴᠠᠭ᠎ᠠ ᠬᠢᠭᠡᠳ ᠬᠣᠷᠰᠢᠯᠴᠠᠭᠠ ᠪᠠᠨ ᠥᠷᠭᠡᠳᠬᠡᠨ ᠂ ᠤᠯᠤᠰ ᠤᠨ ᠰᠣᠶᠣᠯ ᠤᠨ 《 ᠭᠠᠷᠴᠤ ᠶᠠᠪᠤᠬᠤ 》 ᠪᠠᠶᠢᠯᠳᠤᠬᠤ ᠪᠣᠳᠣᠯᠭ᠎ᠠ ᠳᠤ ᠦᠢᠯᠡᠴᠢᠯᠡᠵᠦ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠤᠨ ᠭᠠᠷᠴᠤ ᠶᠠᠪᠤᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ 2022 ᠣᠨ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠥᠪᠥᠷ ᠮᠣᠩᠭᠣᠯ ᠤᠨ ᠳᠣᠲᠣᠷᠠᠬᠢ ᠨᠤᠲᠤᠭ ᠪᠡᠯᠴᠢᠭᠡᠷ ᠦᠨ ᠲᠣᠷᠭᠠᠨ ᠵᠠᠮ ᠤᠨ ᠪᠢᠴᠢᠯ ᠸᠢᠳᠢᠣ᠋ ᠦᠶᠯᠡᠳᠬᠦ ᠲᠥᠷᠥᠯ ᠵᠦᠶᠯ ᠢ ᠵᠢᠩᠬᠢᠨᠢ ᠪᠡᠷ ᠡᠬᠢᠯᠡᠭᠦᠯᠦᠨ᠎ᠡ᠃
2022 ᠣᠨ ᠤ 4 ᠰᠠᠷ᠎ᠠ ᠶᠢᠨ 20 ᠤ ᠡᠳᠦᠷ ᠂ ᠲᠥᠷᠥᠯ ᠵᠦᠶᠯ ᠦᠨ ᠤᠷᠤᠭᠰᠢᠲᠠᠶ ᠶᠢ ᠦᠨᠡᠨᠬᠦ ᠪᠠᠲᠤᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠲᠠᠯ᠎ᠠ ᠨᠤᠲᠤᠭ ᠤᠨ ᠲᠣᠷᠭᠠᠨ ᠵᠠᠮ ᠤᠨ ᠪᠢᠴᠢᠯ ᠸᠢᠳᠢᠣ᠋ ᠦᠶᠯᠡᠳᠬᠦ ᠲᠥᠷᠥᠯ ᠵᠦᠶᠯ ᠦᠨ ᠲᠤᠰᠬᠠᠶ ᠮᠡᠷᠭᠡᠵᠢᠯᠲᠡᠨ ᠦ ᠨᠤᠲᠠᠯᠠᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠦᠨ ᠲᠣᠪᠴᠢᠶ᠎ᠠ ᠶᠢᠨ ᠳᠠᠷᠤᠭ᠎ᠠ ᠮᠦᠽᠧᠶ ᠶᠢᠨ ᠳᠠᠷᠤᠭ᠎ᠠ ᠴᠧᠨ ᠶᠦᠩ ᡁᠢ ( ᠲᠥᠷᠥ ᠶᠢᠨ ᠶᠠᠪᠤᠳᠠᠯ ᠤᠨ ᠬᠣᠷᠢᠶᠠᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ ᠬᠦᠷᠲᠡᠭᠴᠢ ᠲᠤᠰᠬᠠᠶ ᠮᠡᠷᠭᠡᠵᠢᠯᠲᠡᠨ )᠂ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠲᠡᠦᠬᠡ ᠬᠢᠭᠡᠳ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠬᠣᠶᠠᠳᠤᠭᠠᠷ ᠳᠡᠰ ᠤᠨ ᠫᠷᠤᠹᠧᠰᠰᠤᠷ ᠵᠠᠩ ᠵᠢᠦ ᠾᠧ᠂ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠤᠳᠬ᠎ᠠ ᠵᠣᠬᠢᠶᠠᠯ ᠬᠢᠭᠡᠳ ᠰᠣᠨᠢᠨ ᠮᠡᠳᠡᠭᠡᠨ ᠦ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠮᠢ ᠶᠠᠨ ᠴᠢᠩ ᠫᠷᠤᠹᠧᠰᠰᠤᠷ᠂ ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠫᠷᠤᠹᠧᠰᠰᠤᠷ ᠯᠢ ᠹᠧᠩ ᠰᠢᠨ᠂ ᠥᠪᠥᠷ ᠮᠣᠩᠭᠣᠯ ᠤᠨ ᠲᠡᠦᠬᠡ ᠶᠢᠨ ᠳᠤᠷᠠᠰᠬᠠᠯᠲᠤ ᠵᠦᠶᠯᠡᠰ ᠦᠨ ᠨᠡᠶᠢᠭᠡᠮᠯᠢᠭ ᠦᠨ ᠳᠡᠳ᠋ ᠳᠠᠷᠤᠭ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠮᠡᠷᠭᠡᠵᠢᠯᠲᠡᠨ ᠦ ᠳᠤᠭᠤᠶᠢᠯᠠᠩ ᠤᠨ ᠪᠦᠷᠢᠯᠳᠦᠬᠦᠨ ᠸᠠᠩ ᠳ᠋ᠠ ᠹᠠᠩ᠂ ᠥᠪᠥᠷ ᠮᠣᠩᠭᠣᠯ ᠤᠨ ᠲᠡᠦᠬᠡ ᠶᠢᠨ ᠳᠤᠷᠠᠰᠬᠠᠯᠲᠤ ᠵᠦᠶᠯᠡᠰ ᠦᠨ ᠨᠡᠶᠢᠭᠡᠮᠯᠢᠭ ᠦᠨ ᠲᠤᠰᠬᠠᠶ ᠮᠡᠷᠭᠡᠵᠢᠯᠲᠡᠨ ᠦ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠤᠷᠢᠭᠰᠠᠨ ᠫᠷᠤᠹᠸᠰᠰᠤᠷ ᠵᠠᠩ ᠸᠸᠨ ᠹᠠᠩ ( )᠂ ᠥᠪᠥᠷ ᠮᠣᠩᠭᠣᠯ ᠤᠨ ᠷᠠᠳᠢᠣ᠋ ᠲᠧᠯᠸᠢᠰ ᠬᠣᠷᠢᠶᠠᠨ ᠤ ᠤᠤᠯ ᠤᠨ ᠶᠡᠷᠦᠩᠬᠡᠶ ᠬᠢᠨᠠᠭᠴᠢ ᠵᠠᠩ ᠮᠸᠩ ᠰᠢᠶᠠ ( ᠭᠤᠷᠪᠠᠳᠤᠭᠠᠷ ᠳᠡᠰ ᠤᠨ ᠨᠠᠶᠢᠷᠠᠭᠤᠯᠤᠭᠴᠢ ᠶᠢᠨ ᠮᠡᠷᠭᠡᠵᠢᠯ ᠦᠨ ᠴᠣᠯᠠ ) ᠵᠡᠷᠭᠡ 7 ᠲᠤᠰᠬᠠᠶ ᠮᠡᠷᠭᠡᠵᠢᠯᠲᠡᠨ ᠨᠤᠲᠠᠯᠠᠯᠲᠠ ᠳᠤ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠶᠡᠷᠦᠩᠬᠡᠶᠢᠯᠡᠭᠰᠡᠨ ᠭᠠᠵᠠᠷ ᠤᠨ ᠪᠥᠬᠥ ᠬᠥᠮᠦᠰ ᠬᠤᠷᠠᠯ ᠳᠤ ᠣᠷᠣᠯᠴᠠᠪᠠ᠃
ᠬᠤᠷᠠᠯ ᠳᠡᠭᠡᠷ᠎ᠡ ᠂ ᠲᠤᠰᠬᠠᠶ ᠮᠡᠷᠭᠡᠵᠢᠯᠲᠡᠳ ᠲᠠᠯ᠎ᠠ ᠨᠤᠲᠤᠭ ᠤᠨ ᠲᠣᠷᠭᠠᠨ ᠵᠠᠮ ᠤᠨ ᠪᠢᠴᠢᠯ ᠸᠸᠳᠢᠤ᠋ ᠦᠶᠯᠡᠳᠬᠦ ᠲᠥᠷᠥᠯ ᠵᠦᠶᠯ ᠦᠨ ᠠᠬᠤᠶ ᠪᠠᠶᠢᠳᠠᠯ ᠪᠠ ᠠᠭᠤᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠤ ᠂ ᠣᠬᠣᠷ ᠸᠸᠳᠢᠤ᠋ ᠵᠡᠷᠭᠡ ᠣᠯᠠᠨ ᠲᠦᠮᠡᠨ ᠦ ᠦᠵᠡᠵᠦ ᠰᠣᠨᠢᠷᠬᠠᠬᠤ ᠳᠤᠷᠠᠲᠠᠶ ᠤᠬᠠᠭᠤᠯᠭ᠎ᠠ ᠶᠢᠨ ᠠᠷᠭ᠎ᠠ ᠬᠡᠯᠪᠡᠷᠢ ᠪᠡᠷ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠴᠣᠭ ᠵᠢᠪᠬᠤᠭ᠎ᠠ ᠶᠢ ᠢᠯᠡᠷᠡᠭᠦᠯᠬᠦ ᠨᠢ ᠴᠢᠬᠤᠯᠠ ᠪᠣᠳᠠᠲᠤ ᠠᠴᠢ ᠬᠣᠯᠪᠣᠭᠳᠠᠯ ᠲᠠᠶ ᠂ 《 ᠨᠢᠭᠡ ᠪᠦᠰᠡ ᠨᠢᠭᠡ ᠵᠠᠮ 》 ᠤᠨ ᠴᠡᠴᠡᠭᠯᠡᠯ ᠬᠥᠭᠵᠢᠯ ᠳᠦ ᠲᠡᠦᠬᠡ ᠶᠢᠨ ᠬᠠᠩᠭᠠᠵᠤ ᠂ ᠣᠯᠠᠨ ᠤᠯᠤᠰ ᠤᠨ ᠠᠵᠤ ᠠᠬᠤᠶ ᠰᠣᠶᠣᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ ᠴᠢᠳᠠᠬᠤ ᠮᠥᠷᠲᠡᠭᠡᠨ ᠪᠠᠰᠠ ᠨᠡᠶᠢᠭᠡᠮ ᠦᠨ ᠡᠯ᠎ᠡ ᠡᠲᠡᠭᠡᠳ ᠲᠦ ᠣᠷᠣᠨ ᠨᠤᠲᠤᠭ ᠤᠨ ᠣᠶᠢᠯᠠᠯᠭ᠎ᠠ ᠰᠣᠶᠣᠯ ᠤᠨ ᠂ ᠲᠡᠦᠬᠡ ᠶᠢᠨ ᠡᠬᠢ ᠪᠠᠶᠠᠯᠢᠭ ᠢ ᠠᠮᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠴᠢᠳᠠᠨ᠎ᠠ ᠭᠡᠵᠦ ᠰᠠᠨᠠᠯ ᠨᠢᠭᠡᠲᠡᠶ ᠃ ᠰᠣᠯᠢᠯᠴᠠᠨ ᠶᠠᠷᠢᠯᠴᠠᠬᠤ ᠪᠠᠷ ᠂ ᠲᠤᠰᠬᠠᠶ ᠮᠡᠷᠭᠡᠵᠢᠯᠲᠡᠳ ᠲᠣᠰ ᠲᠣᠰ ᠤᠨ ᠰᠤᠳᠤᠯᠭᠠᠨ ᠤ ᠬᠦᠷᠢᠶᠡᠨ ᠳᠦ ᠰᠠᠭᠤᠷᠢᠯᠠᠨ ᠲᠣᠷᠭᠠᠨ ᠵᠠᠮ ᠤᠨ ᠪᠠᠭᠤᠷᠢ ᠶᠢ ᠰᠣᠩᠭᠣᠬᠤ ᠂ ᠰᠡᠭᠦᠳᠡᠷᠯᠡᠬᠦ ᠠᠭᠤᠯᠭ᠎ᠠ ᠶᠢ ᠲᠣᠭᠲᠠᠭᠠᠬᠤ ᠵᠡᠷᠭᠡ ᠲᠠᠯ᠎ᠠ ᠪᠠᠷ ᠨᠠᠷᠢᠨ ᠨᠢᠮᠪᠠᠶ ᠰᠠᠨᠠᠯ ᠰᠠᠨᠠᠭᠤᠯᠭ᠎ᠠ ᠳᠤᠷᠠᠳᠴᠤ ᠂ ᠲᠠᠷᠠᠭᠠᠴᠢ ᠶᠢᠨ ᠠᠯᠬᠤᠮ ᠳᠤ ᠲᠠᠯ᠎ᠠ ᠨᠤᠲᠤᠭ ᠤᠨ ᠲᠣᠷᠭᠠᠨ ᠵᠠᠮ ᠤᠨ ᠪᠢᠴᠢᠯ ᠸᠢᠳᠢᠣ᠋ ᠦᠶᠯᠡᠳᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠳᠦ ᠪᠠᠲᠤ ᠪᠠᠬᠢ ᠰᠠᠭᠤᠷᠢ ᠲᠠᠯᠪᠢᠵᠤ ᠥᠭᠴᠡᠶ᠃