ᠵᠤᠬᠢᠶᠠᠭᠴᠢ:
ᠴᠠᠭ:2022-05-13
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠦᠨ ᠣᠶ ᠶᠢ ᠪᠡᠯᠭᠡᠯᠡᠬᠦ ᠶᠡᠬᠡ ᠬᠤᠷᠠᠯ ᠤᠨ ᠰᠢᠭᠤᠳ ᠨᠡᠪᠲᠡᠷᠡᠭᠦᠯᠭᠡ ᠶᠢ ᠵᠣᠬᠢᠶᠠᠨ ᠪᠠᠶᠢᠭᠤᠯᠤᠨ ᠭᠥᠯᠢᠶᠡᠨ ᠠᠪᠴᠤ ᠦᠵᠡᠪᠡ

2022 ᠣᠨ ᠤ 5 ᠰᠠᠷ᠎ᠠ ᠶᠢᠨ 10 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠦᠨ ᠣᠶ ᠶᠢ ᠪᠡᠯᠭᠡᠯᠡᠬᠦ ᠶᠡᠬᠡ ᠬᠤᠷᠠᠯ ᠪᠡᠭᠡᠵᠢᠩ ᠦᠨ ᠠᠷᠠᠳ ᠤᠨ ᠶᠡᠬᠡ ᠬᠤᠷᠠᠯ ᠤᠨ ᠲᠠᠩᠬᠢᠮ ᠳᠤ ᠦᠪᠡᠳᠡᠭᠰᠢ ᠶᠡᠬᠡ ᠪᠡᠷ ᠬᠤᠷᠠᠯᠳᠤᠪᠠ᠃ ᠨᠠᠮ ᠤᠨ ᠲᠥᠪ ᠬᠣᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠵᠢᠴᠢ ᠪᠥᠬᠥ ᠺᠠᠳ᠋ᠷ ᠠᠵᠢᠯᠲᠠᠨ ᠶᠡᠬᠡ ᠬᠤᠷᠠᠯ ᠤᠨ ᠰᠢᠭᠤᠳ ᠨᠡᠪᠲᠡᠷᠡᠭᠦᠯᠭᠡ ᠶᠢ ᠲᠥᠪᠯᠡᠷᠡᠭᠦᠯᠦᠨ ᠦᠵᠡᠵᠦ ᠂ ᠡᠨᠡ ᠬᠦ ᠬᠥᠮᠦᠰ ᠦᠨ ᠰᠡᠳᠬᠢᠯ ᠢ ᠳᠣᠭᠳᠣᠯᠤᠭᠤᠯᠤᠮ᠎ᠠ ᠲᠡᠦᠬᠡᠨ ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃
ᠬᠤᠷᠠᠯ ᠤᠨ ᠲᠠᠷᠠᠭ᠎ᠠ ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶ᠎ᠠ ᠨᠢ ᠨᠠᠮ ᠤᠨ ᠲᠥᠪ ᠬᠣᠷᠢᠢ᠎ᠠ ᠠᠴᠠ ᠵᠠᠯᠠᠭᠤ ᠨᠢᠭᠡ ᠦᠶ᠎ᠡ ᠶᠢᠨ ᠬᠢᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠪᠠ ᠡᠪ ᠬᠠᠮᠲᠤ ᠵᠠᠯᠠᠭᠤᠴᠤᠳ ᠤᠨ ᠡᠪᠯᠡᠯ ᠦᠨ ᠦᠢᠯᠡᠰ ᠢ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ ᠪᠠᠶᠢᠬᠤ ᠶᠢ ᠠᠭᠤᠯᠵᠤ ᠂ ᠮᠠᠰᠢ ᠴᠢᠩᠭ᠎ᠠ ᠤᠯᠤᠰ ᠲᠦᠷᠦᠴᠢ ᠴᠢᠨᠠᠷ ᠂ ᠦᠵᠡᠯ ᠰᠠᠨᠠᠭᠠᠴᠢ ᠴᠢᠨᠠᠷ ᠂ ᠪᠠᠶᠢᠯᠳᠤᠬᠤ ᠪᠤᠳᠤᠯᠭ᠎ᠠ ᠶᠢᠨ ᠴᠢᠨᠠᠷ ᠪᠣᠯᠤᠨ ᠵᠢᠯᠣᠭᠣᠳᠬᠤ ᠴᠢᠨᠠᠷ ᠲᠠᠶ ᠶᠤᠮ ᠭᠡᠵᠦ ᠰᠠᠨᠠᠯ ᠨᠢᠭᠡᠲᠡᠢ ᠃ ᠤᠯᠠᠨ ᠢᠶᠠᠷ ᠢᠶᠠᠨ ᠂ ᠦᠶ᠎ᠡ ᠦᠶ᠎ᠡ ᠶᠢᠨ ᠬᠥᠮᠦᠰ ᠦᠨ ᠵᠠᠯᠠᠭᠤ ᠨᠠᠰᠤ ᠪᠣᠯ ᠴᠥᠮ ᠶᠡᠷᠦ ᠪᠤᠰᠤ ᠶᠢᠨ ᠶᠤᠮ ᠂ ᠵᠠᠯᠠᠭᠤᠴᠤᠳ ᠶᠡᠷᠦ ᠡᠴᠡ ᠴᠠᠭ ᠦᠶ᠎ᠡ ᠶᠢᠨ ᠂ ᠦᠵᠡᠭᠴᠢ ᠪᠢᠰᠢ ᠂ ᠬᠠᠷᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠬᠠᠷᠢᠭᠤᠴᠠᠯᠭ᠎ᠠ ᠡᠭᠦᠷᠭᠡᠯᠡᠬᠦ ᠬᠣᠰᠢᠭᠤᠴᠢ ᠂ ᠪᠣᠳᠠᠲᠠᠢ ᠠᠵᠢᠯᠯᠠᠭᠴᠢ ᠮᠥᠨ᠃ ᠪᠣᠯᠤᠭᠰᠠᠨ ᠤ ᠬᠤᠪᠢ ᠳᠤ ᠂ ᠪᠢᠳᠠ ᠤᠯᠤᠰ ᠤᠨ ᠬᠥᠭᠵᠢᠯᠲᠡ ᠶᠢᠨ ᠲᠡᠮᠳᠡᠭᠯᠡᠭᠴᠢ ᠂ ᠭᠡᠷᠡᠴᠢᠯᠡᠭᠴᠢ ᠪᠣᠯᠬᠤ ᠪᠠᠷ ᠪᠠᠷᠠᠬᠤ ᠦᠭᠡᠢ ᠂ ᠨᠡᠩ ᠴᠤ ᠦᠨᠳᠦᠰᠦᠲᠡᠨ ᠦ ᠰᠡᠷᠭᠦᠨ ᠮᠠᠨᠳᠤᠯᠲᠠ ᠶᠢᠨ ᠣᠷᠣᠯᠴᠠᠭᠴᠢ ᠂ ᠲᠤᠰᠠᠯᠠᠭᠴᠢ ᠪᠤᠯᠵᠤ ᠂ ᠬᠤᠪᠢ ᠬᠥᠮᠦᠨ ᠦ ᠦᠰᠦᠨ ᠪᠣᠶᠢᠵᠢᠯᠲᠠ ᠂ ᠠᠵᠢᠯ ᠦᠢᠯᠡᠰ ᠦᠨ ᠲᠠᠪᠰᠢᠯᠳᠠ ᠶᠢ ᠤᠯᠤᠰ ᠤᠨ ᠬᠥᠭᠵᠢᠯᠲᠡ ᠪᠣᠯᠤᠨ ᠦᠨᠳᠦᠰᠦᠲᠡᠨ ᠦ ᠰᠡᠷᠭᠦᠨ ᠮᠠᠨᠳᠤᠯᠲᠠ ᠲᠠᠶ ᠨᠢᠭᠲᠠ ᠤᠶᠠᠯᠳᠤᠭᠤᠯᠵᠤ ᠂ ᠡᠷᠡᠮᠡᠬᠡᠶᠢᠯᠡᠨ ᠤᠷᠤᠭᠰᠢᠯᠠᠵᠤ ᠂ ᠨᠠᠮ ᠳᠠᠭᠠᠨ ᠣᠰᠣᠯᠳᠠᠬᠤ ᠦᠭᠡᠢ ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠂ ᠴᠠᠭ ᠦᠶ᠎ᠡ ᠳᠦ ᠣᠰᠣᠯᠳᠠᠬᠤ ᠦᠭᠡᠢ ᠵᠠᠯᠠᠭᠤ ᠨᠠᠰᠤᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠃