ᠵᠤᠬᠢᠶᠠᠭᠴᠢ:
ᠴᠠᠭ:2022-05-20
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠶᠢᠨ ᠭᠠᠵᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ 《 ᠥᠪᠥᠷ ᠮᠣᠩᠭᠣᠯ ᠤᠨ ( 2022 ) 》 ᠶᠢ ᠨᠠᠶᠢᠷᠠᠭᠤᠯᠬᠤ ᠠᠵᠢᠯ ᠢ ᠪᠠᠶᠢᠷᠢᠯᠠᠭᠤᠯᠪᠠ

《〈 ᠥᠪᠥᠷ ᠮᠣᠩᠭᠣᠯ ᠤᠨ ᠣᠨ ᠤ ᠣᠶᠢᠯᠠᠪᠤᠷᠢ ( 2022 ) 〉 ᠵᠣᠬᠢᠶᠠᠨ ᠪᠠᠶᠢᠭᠤᠯᠤᠨ ᠨᠠᠶᠢᠷᠠᠭᠤᠯᠬᠤ ᠬᠣᠯᠪᠣᠭᠳᠠᠯ ᠪᠥᠬᠥᠶ ᠵᠦᠶᠯᠡᠰ ᠲᠤᠬᠠᠶ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠦᠨ ᠮᠡᠳᠡᠭᠳᠡᠯ 》 ᠤᠨ ᠱᠠᠭᠠᠷᠳᠠᠯᠭ᠎ᠠ ᠶᠢ ᠪᠥᠬᠥ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠣᠨ ᠤ ᠣᠶᠢᠯᠠᠪᠤᠷᠢ ᠶᠢ ᠨᠠᠶᠢᠷᠠᠭᠤᠯᠤᠨ ᠲᠤᠭᠤᠷᠪᠢᠬᠤ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ ᠂ 2022 ᠣᠨ ᠤ 5 ᠳ᠋ᠤᠭᠠᠷ ᠰᠠᠷ᠎ᠠ ᠶᠢᠨ 7 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠣᠨ ᠤ ᠣᠶᠢᠯᠠᠪᠤᠷᠢ ᠶᠢᠨ ᠭᠠᠵᠠᠷ ᠬᠤᠷᠠᠯ ᠬᠤᠷᠠᠯᠳᠤᠭᠤᠯᠵᠤ ᠂ 《 ᠥᠪᠥᠷ ᠮᠣᠩᠭᠣᠯ ᠤᠨ ᠣᠨ ᠤ ᠣᠶᠢᠯᠠᠪᠤᠷᠢ ( 2022 ) 》 ᠶᠢ ᠨᠠᠶᠢᠷᠠᠭᠤᠯᠤᠨ ᠲᠤᠭᠤᠷᠪᠢᠬᠤ ᠬᠠᠮᠢᠶ᠎ᠠ ᠪᠥᠬᠥᠶ ᠵᠦᠶᠯᠡᠰ ᠢ ᠲᠤᠰᠬᠠᠶ ᠰᠡᠳᠦᠪ ᠢᠶᠡᠷ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠡᠷᠭᠢᠯᠡᠵᠦ ᠂ ᠶᠢᠨ ᠭᠠᠵᠠᠷ ᠤᠨ ᠪᠥᠬᠥ ᠠᠵᠢᠯᠲᠠᠨ ᠪᠣᠯᠤᠨ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠪᠠ᠃
ᠬᠤᠷᠠᠯ ᠠᠴᠠ ᠂ ᠣᠨ ᠤ ᠶᠢ ᠨᠠᠶᠢᠷᠠᠭᠤᠯᠤᠨ ᠬᠡᠪᠯᠡᠭᠦᠯᠬᠦ ᠪᠣᠯ ᠨᠢᠭᠡ ᠵᠦᠢᠯ ᠦᠨ ᠰᠢᠰᠲ᠋ᠧᠮᠲᠦ ᠢᠨᠵᠧᠨᠧᠷᠢᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠨ ᠂ ᠬᠠᠮᠵᠢᠯᠴᠠᠨ ᠠᠬᠢᠭᠤᠯᠬᠤ ᠶᠢ ᠪᠡᠶᠡᠯᠡᠭᠦᠯᠵᠦ ᠂ 《 ᠲᠦᠭᠵᠢᠷᠡᠬᠦ ᠂ ᠂ ᠤᠳᠠᠭᠠᠰᠢᠷᠠᠬᠤ 》 ᠦᠵᠡᠭᠳᠡᠯ ᠭᠠᠷᠬᠤ ᠠᠴᠠ ᠵᠠᠶᠢᠯᠠᠰᠬᠢᠵᠦ ᠂ ᠠᠯᠪᠠᠨ ᠲᠢᠩᠬᠢᠮ ᠦᠨ 《 ᠮᠡᠳᠡᠭᠳᠡᠯ 》 ᠋ ᠤᠨ ᠣᠨ ᠤ ᠲᠤᠬᠠᠢ ᠱᠠᠭᠠᠷᠳᠠᠯᠭ᠎ᠠ ᠶᠣᠰᠣᠭᠠᠷ ᠂ 《 ᠥᠪᠥᠷ ᠮᠣᠩᠭᠣᠯ ᠤᠨ ᠣᠨ ᠤ 》 ᠵᠢ ᠨᠠᠶᠢᠷᠠᠭᠤᠯᠤᠨ ᠬᠡᠪᠯᠡᠭᠦᠯᠬᠦ ᠠᠵᠢᠯ ᠢ ᠲᠥᠯᠥᠪᠯᠡᠭᠡ ᠶᠣᠰᠣᠭᠠᠷ ᠤᠷᠤᠭᠰᠢᠲᠠᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠵᠤ ᠂ ᠬᠠᠷᠢᠭᠤᠴᠠᠯᠭ᠎ᠠ ᠶᠢ ᠬᠥᠮᠦᠨ ᠳᠦ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ 《 ᠥᠪᠥᠷ ᠮᠣᠩᠭᠣᠯ ᠤᠨ ᠣᠨ ᠤ ᠣᠶᠢᠯᠠᠪᠤᠷᠢ ( 2022 ) 》 ᠶᠢᠨ 320 ᠬᠠᠷᠢᠭᠤᠴᠠᠯᠭᠠᠲᠤ ᠨᠢᠭᠡᠴᠢ ᠶᠢᠨ ᠡᠬᠡ ᠪᠢᠴᠢᠭ ᠨᠠᠶᠢᠷᠠᠭᠤᠯᠬᠤ ᠡᠯ᠎ᠡ ᠨᠠᠶᠢᠷᠠᠭᠤᠯᠤᠭᠴᠢ ᠳᠤ ᠬᠤᠪᠢᠶᠠᠷᠢᠯᠠᠨ ᠥᠭᠴᠦ ᠂ ᠪᠥᠬᠥ ᠨᠠᠶᠢᠷᠠᠭᠤᠯᠤᠭᠴᠢ ᠶᠢ ᠲᠣᠰ ᠲᠣᠰ ᠤᠨ ᠠᠵᠢᠯ ᠤᠨ ᠬᠤᠪᠢᠶᠠᠷᠢᠯᠠᠯ ᠶᠣᠰᠣᠭᠠᠷ ᠡᠬᠡ ᠪᠢᠴᠢᠭ ᠢᠶᠡᠨ ᠴᠠᠭ ᠲᠤᠬᠠᠶ ᠳᠤᠨᠢ ᠱᠠᠯᠠᠪᠳᠠᠨ ᠮᠡᠳᠡᠭᠦᠯᠵᠦ ᠂ ᠡᠬᠡ ᠪᠢᠴᠢᠭ ᠢ ᠬᠢᠨᠠᠨ ᠬᠠᠷᠭᠤᠭᠤᠯᠵᠤ ᠵᠠᠰᠠᠪᠤᠷᠢ ᠣᠷᠣᠭᠤᠯᠤᠨ ᠂ ᠨᠠᠶᠢᠷᠠᠭᠤᠯᠬᠤ ᠡᠭᠦᠷᠭᠡ ᠪᠡᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠴᠠᠭ ᠨᠢᠭᠡᠪᠦᠷᠢ ᠶᠢᠨ ᠠᠵᠢᠯ ᠤᠨ ᠬᠡᠮᠵᠢᠶ᠎ᠡ ᠶᠢ ᠲᠣᠭᠲᠠᠭᠠᠵᠤ ᠂ ᠠᠵᠢᠯ ᠤᠨ ᠬᠤᠭᠤᠴᠠᠭ᠎ᠠ ᠶᠢ ᠲᠣᠩᠭᠣᠷᠤᠭᠤᠯᠤᠨ ᠵᠢᠭᠰᠠᠭᠠᠵᠤ ᠂ ᠂ ᠶᠠᠰᠤ ᠴᠢᠨᠠᠷ ᠪᠠ ᠠᠬᠢᠴᠠ ᠶᠢ ᠵᠡᠷᠭᠡ ᠪᠡᠷ ᠃ ᠬᠤᠷᠠᠯ ᠳᠡᠭᠡᠷ᠎ᠡ 《 ᠥᠪᠥᠷ ᠮᠣᠩᠭᠣᠯ ᠤᠨ ᠣᠨ ᠤ ᠣᠶᠢᠯᠠᠪᠤᠷᠢ ( 2022 ) 》 ᠶᠢᠨ ᠡᠭᠦᠷᠭᠡ ᠶᠢᠨ ᠠᠬᠢᠴᠠ ᠶᠢᠨ ᠬᠦᠰᠦᠨᠦᠭᠲᠦ ᠶᠢ ᠳᠠᠷᠤᠮᠠᠯᠯᠠᠨ ᠲᠠᠷᠬᠠᠭᠠᠵᠤ ᠂ ᠬᠠᠭᠠᠰ ᠰᠠᠷ᠎ᠠ ᠪᠦᠷᠢ ᠣᠨ ᠤ ᠣᠶᠢᠯᠠᠪᠤᠷᠢ ᠶᠢᠨ ᠮᠡᠳᠡᠭᠡ ᠵᠢᠴᠢ ᠨᠠᠶᠢᠷᠠᠭᠤᠯᠬᠤ ᠠᠬᠢᠴᠠ ᠶᠢ ᠂ ᠨᠠᠶᠢᠷᠠᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠤᠶᠢᠯᠠᠭᠠᠨ ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ ᠃ ᠪᠥᠬᠥ ᠨᠠᠶᠢᠷᠠᠭᠤᠯᠤᠭᠴᠢᠳ ᠡᠭᠦᠷᠭᠡ ᠶᠢᠨ ᠠᠬᠢᠴᠠ ᠶᠢᠨ ᠬᠦᠰᠦᠨᠦᠭᠲᠦ ᠶᠢᠨ ᠱᠠᠭᠠᠷᠳᠠᠯᠭ᠎ᠠ ᠶᠣᠰᠣᠭᠠᠷ ᠂ ᠡᠯ᠎ᠡ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠰᠠᠶᠢᠲᠤᠷ ᠵᠠᠳᠠᠯᠵᠤ ᠂ ᠱᠠᠭᠠᠷᠳᠠᠯᠭ᠎ᠠ ᠶᠣᠰᠣᠭᠠᠷ ᠂ ᠬᠠᠮᠵᠢᠯᠴᠠᠨ ᠪᠠᠶᠢᠯᠳᠤᠵᠤ ᠂ ᠨᠠᠶᠢᠷᠠᠭᠤᠯᠬᠤ ᠡᠭᠦᠷᠭᠡ ᠪᠡᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠃