ᠵᠤᠬᠢᠶᠠᠭᠴᠢ:
ᠴᠠᠭ:2022-06-17
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
《 ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠯᠠᠯᠭ᠎ᠠ ( 2004―2019 ) 》 ( ᠨᠣᠣᠷᠠᠭ ) ᠵᠢ ᠬᠢᠨᠠᠨ ᠲᠣᠭᠲᠠᠭᠠᠬᠤ ᠬᠤᠷᠠᠯ ᠬᠤᠷᠠᠯᠳᠤᠪᠠ

2022 ᠣᠨ ᠤ 6 ᠰᠠᠷ᠎ᠠ ᠶᠢᠨ 15 ᠤ ᠡᠳᠦᠷ ᠂ 《 ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠯᠠᠯᠭ᠎ᠠ ( 2004―2019 ) 》 (ᠨᠤᠤᠷᠠᠭ ) ᠶᠢ ᠬᠢᠨᠠᠨ ᠲᠣᠭᠲᠠᠭᠠᠬᠤ ᠬᠤᠷᠠᠯ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳ᠋ᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠣᠷᠢᠶᠠᠨ ᠤ ᠱᠦᠵᠢ ᠂ ᠬᠡᠷᠡᠭ ᠮᠡᠳᠡᠭᠴᠢᠳ ᠦᠨ ᠳᠠᠷᠤᠭ᠎ᠠ ᠴᠧᠨ ᠪᠢᠩ ᠬᠤᠸᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠳᠡᠳ᠋ ᠡᠷᠬᠢᠯᠡᠭᠴᠢ ᠮᠧᠩ ᠰᠢᠤ ᠹᠠᠩ ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠡᠯᠲᠡᠰ ᠦᠨ ᠡᠷᠬᠢᠯᠡᠭᠴᠢ ᠂ ᠵᠣᠬᠢᠶᠠᠨ ᠪᠠᠶᠢᠭᠤᠯᠬᠤ ᠬᠡᠯᠲᠡᠰ ᠦᠨ ᠳᠠᠷᠤᠭ᠎ᠠ ᠱᠠᠩ ᠸᠧᠨ ᠲᠦᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠬᠢᠨᠠᠨ ᠲᠣᠭᠲᠠᠭᠠᠬᠤ ᠠᠵᠢᠯᠲᠠᠨ ᠵᠢᠴᠢ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠪᠣᠯᠤᠨ ᠣᠶᠢᠯᠠᠯᠭ᠎ᠠ ᠶᠢᠨ ᠡᠬᠡ ᠪᠢᠴᠢᠭ ᠬᠢᠨᠠᠨ ᠲᠣᠭᠲᠠᠭᠠᠬᠤ ᠬᠤᠷᠠᠯ ᠳᠤ ᠣᠷᠣᠯᠴᠠᠵᠤ ᠂ ᠬᠤᠷᠠᠯ ᠢ ᠱᠠᠩ ᠸᠧᠨ ᠲᠦᠩ ᠂ ᠮᠧᠩ ᠰᠢᠤ ᠹᠠᠩ ᠡᠷᠭᠢᠯᠡᠪᠡ᠃
ᠴᠧᠨ ᠪᠢᠩ ᠬᠤᠸᠠ ᠶᠠᠭᠤᠨ ᠤ ᠡᠮᠦᠨ᠎ᠡ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠥᠯᠥᠭᠡᠯᠡᠨ ᠦᠭᠡ ᠃ ᠲᠡᠷᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ 《 ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠯᠠᠯᠭ᠎ᠠ ( 2004―2019 ) 》 ᠶᠢ ᠨᠠᠶᠢᠷᠠᠭᠤᠯᠬᠤ ᠠᠵᠢᠯ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠣᠶᠢᠯᠠᠯᠭ᠎ᠠ ᠬᠥᠮᠦᠰ ᠦᠨ ᠬᠠᠷᠠᠮ ᠥᠬᠡᠶ ᠬᠤᠪᠢ ᠨᠡᠮᠡᠷᠢ ᠳᠦ ᠲᠠᠯᠠᠷᠬᠠᠵᠤ ᠪᠠᠶᠢᠬᠤ ᠪᠠᠨ ᠢᠯᠡᠳᠬᠡᠪᠡ᠃ 《 ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠯᠠᠯᠭ᠎ᠠ ( 2004―2019 ) 》 ᠨᠢ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠶᠢᠷᠠᠭᠤᠯᠤᠭᠰᠠᠨ ᠠᠩᠬᠠᠳᠠᠭᠴᠢ ᠣᠷᠣᠨ ᠨᠤᠲᠤᠭ ᠤᠨ ᠣᠶᠢᠯᠠᠯᠭ᠎ᠠ ᠪᠣᠯᠤᠭᠰᠠᠨ ᠤ ᠬᠤᠪᠢ ᠳᠤ ᠂ ᠵᠠᠪᠠᠯ ᠶᠠᠰᠤ ᠴᠢᠨᠠᠷ ᠢ ᠲᠡᠷᠢᠭᠦᠨ ᠳᠦ ᠲᠠᠯᠪᠢᠬᠤ ᠶᠢ ᠪᠠᠷᠢᠮᠲᠠᠯᠠᠨ ᠂ ᠲᠤᠰᠬᠠᠶ ᠰᠠᠨᠠᠯ ᠢ ᠂ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠨᠢᠭᠡᠨ ᠰᠠᠶᠢᠨ ᠣᠶᠢᠯᠠᠯᠭ᠎ᠠ ᠂ ᠣᠶᠢᠯᠠᠯᠭ᠎ᠠ ᠶᠢ ᠴᠢᠷᠮᠠᠶᠢᠨ ᠡᠭᠦᠳᠬᠦ ᠬᠡᠷᠡᠭᠲᠡᠶ᠃
ᠾᠧ ᠪᠢᠶᠤᠤ 《 ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠯᠠᠯᠭ᠎ᠠ ( 2004―2019 ) 》 ᠶᠢᠨ ᠬᠢᠨᠠᠨ ᠲᠣᠭᠲᠠᠭᠠᠬᠤ ᠡᠬᠡ ᠪᠢᠴᠢᠭ ᠢ ᠪᠠ ᠬᠢᠨᠠᠨ ᠲᠣᠭᠲᠠᠭᠠᠬᠤ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠳᠤᠷᠢᠳᠤᠯᠭ᠎ᠠ ᠶᠢᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠶᠢᠬᠤ ᠪᠠ ᠨᠠᠶᠢᠷᠠᠭᠤᠯᠤᠨ ᠪᠢᠴᠢᠬᠦ ᠠᠵᠢᠯᠲᠠᠳ ᠤᠨ ᠦᠭᠡ ᠳᠠᠭᠤ ᠦᠭᠡᠶ ᠪᠡᠷ ᠬᠤᠪᠢ ᠨᠡᠮᠡᠷᠢ ᠦᠵᠡᠭᠦᠯᠦᠭᠰᠡᠨ ᠳᠦ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠂ ᠣᠷᠣᠨ ᠨᠤᠲᠤᠭ ᠤᠨ ᠣᠶᠢᠯᠠᠯᠭ᠎ᠠ ᠪᠣᠯ ᠠᠵᠤ ᠠᠬᠤᠶᠢᠯᠠᠯ ᠤᠨ ᠭᠦᠨ ᠵᠤᠵᠠᠭᠠᠨ ᠰᠣᠶᠣᠯ ᠤᠨ ᠬᠤᠷᠠᠮᠳᠤᠯ ᠤᠨ ᠰᠢᠭᠤᠳ ᠲᠤᠰᠬᠠᠯ ᠮᠥᠨ ᠂ ᠠᠵᠤ ᠠᠬᠤᠶᠢᠯᠠᠯ ᠤᠨ ᠣᠶᠢᠯᠠᠯᠭ᠎ᠠ ᠶᠢ ᠨᠢ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠤᠰ ᠤᠨ ᠥᠮᠴᠢᠯᠡᠯ ᠦᠨ ᠲᠣᠮᠣ ᠬᠡᠯᠪᠡᠷᠢ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠠᠬᠢ ᠨᠡᠶᠢᠭᠡᠮ ᠦᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠯᠡᠬᠦ ᠤᠬᠠᠮᠰᠠᠷ ᠢ ᠃
ᠱᠠᠩ ᠸᠧᠨ ᠲᠦᠩ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠤᠭᠰᠠᠨ ᠪᠠᠶᠢᠳᠠᠯᠲᠠᠨᠢᠯᠴᠠᠭᠤᠯᠪᠠ᠃ 《 ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠶᠢᠯᠠᠯᠭ᠎ᠠ ( 2004―2019 ) 》 ᠶᠢ 2019 ᠣᠨ ᠤ 6 ᠰᠠᠷ᠎ᠠ ᠠᠴᠠ ᠡᠬᠢᠯᠡᠨ ᠨᠠᠶᠢᠷᠠᠭᠤᠯᠤᠨ ᠪᠢᠴᠢᠬᠦ ᠠᠵᠢᠯ ᠢ ᠡᠬᠢᠯᠡᠭᠦᠯᠦᠭᠰᠡᠨ ᠡᠴᠡ ᠣᠲᠣ ᠪᠣᠯᠲᠠᠯ᠎ᠠ ᠂ ᠺᠣᠮᠫᠠᠨᠢ ᠶᠢᠨ ᠬᠢᠨ ᠳᠡᠭᠡᠳᠦ ᠳᠤᠤᠷᠠᠳᠤ ᠱᠠᠲᠤ ᠪᠠᠷ ᠢᠶᠠᠨ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ 70 ᠭᠠᠷᠤᠶ ᠣᠶᠢᠯᠠᠯᠭ᠎ᠠ ᠨᠠᠶᠢᠷᠠᠭᠤᠯᠬᠤ ᠠᠵᠢᠯᠲᠠᠨ ᠬᠡᠲᠦ ᠬᠡᠳᠦᠨ ᠡᠬᠡ ᠪᠢᠴᠢᠭ ᠢ ᠵᠠᠰᠠᠵᠤ ᠂ ᠲᠡᠦᠬᠡ ᠶᠢᠨ ᠮᠠᠲ᠋ᠧᠷᠢᠶᠠᠯ ᠢ 240 ᠲᠦᠮᠡ ᠰᠢᠬᠠᠮ ᠥᠰᠥᠭ ᠂ ᠣᠳᠣᠬᠠᠨ ᠤ 50 ᠭᠠᠷᠤᠶ ᠲᠦᠮᠡᠨ ᠥᠰᠥᠭ ᠦᠨ ᠬᠢᠨᠠᠨ ᠲᠣᠭᠲᠠᠭᠠᠬᠤ ᠨᠤᠤᠷᠠᠭ ᠢ ᠪᠣᠶ ᠪᠣᠯᠭᠠᠪᠠ᠃

ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠬᠢᠨᠠᠨ ᠲᠣᠭᠲᠠᠭᠠᠬᠤ ᠠᠵᠢᠯᠲᠠᠨ ᠵᠣᠣ ᠬᠠᠶ ᠶᠤᠸᠠᠨ ᠂ ᠾᠧ ᠰᠢᠶᠤᠤ ᠸᠧᠶ ᠂ ᠮᠧᠩ ᠭᠦᠸᠧ ᠷᠦᠩ ᠂ ᠯᠢ ᠬᠠᠨ ᠫᠧᠩ ᠣᠷᠣᠨ ᠨᠤᠲᠤᠭ ᠤᠨ ᠣᠶᠢᠯᠠᠯᠭ᠎ᠠ ᠶᠢᠨ ᠤᠨ ᠲᠣᠬᠢᠷᠠᠭᠤᠯᠤᠯᠲᠠ ᠂ ᠦᠵᠡᠯᠲᠡ ᠂ ᠂ ᠠᠭᠤᠯᠭ᠎ᠠ ᠂ ᠵᠡᠷᠭᠡ ᠶᠢᠨ ᠲᠣᠭᠣᠷᠢᠨ ᠳᠤ ᠪᠣᠳᠠᠲᠠᠶ ᠵᠠᠰᠠᠪᠤᠷᠢ ᠣᠷᠣᠭᠤᠯᠬᠤ ᠰᠠᠨᠠᠯ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠥᠪᠡᠷᠲᠡᠭᠡᠨ ᠵᠠᠰᠠᠬᠤ ᠣᠷᠣᠨ ᠤ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ ᠵᠣᠣ ᠬᠠᠶ ᠶᠤᠸᠠᠨ ᠬᠢᠨᠠᠨ ᠲᠣᠭᠲᠠᠭᠠᠬᠤ ᠰᠠᠨᠠᠯ ᠢ ᠤᠩᠰᠢᠨ ᠨᠡᠶᠢᠲᠡᠯᠡᠪᠡ᠃
ᠮᠧᠩ ᠰᠢᠤ ᠹᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠱᠠᠩ ᠸᠧᠨ ᠲᠦᠩ ᠣᠪᠣᠷ ᠢᠶᠠᠨ ᠢᠯᠡᠳᠬᠡᠬᠦ ᠦᠭᠡ ᠬᠡᠯᠡᠪᠡ᠃