ᠵᠤᠬᠢᠶᠠᠭᠴᠢ:
ᠴᠠᠭ:2022-07-22
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ 《 ᠰᠤᠷᠤᠯᠴᠠᠯᠭ᠎ᠠ ᠶᠢ ᠡᠷᠬᠢᠮᠯᠡᠬᠦ ᠂ ᠠᠳᠠᠯᠢᠳᠬᠠᠬᠤ 》 ᠰᠢᠷᠢᠰ ᠥᠷᠨᠢᠭᠦᠯᠵᠦ ᠠᠷᠪᠠᠳᠤᠭᠠᠷ

2022 ᠣᠨ ᠤ 7 ᠳ᠋ᠤᠭᠠᠷ ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ 《 ᠰᠤᠷᠤᠯᠴᠠᠯᠭ᠎ᠠ ᠶᠢ ᠂ ᠠᠳᠠᠯᠢᠳᠬᠠᠬᠤ 》 ᠰᠢᠷᠢᠰ ᠥᠷᠨᠢᠭᠦᠯᠵᠦ ᠠᠷᠪᠠᠳᠤᠭᠠᠷ ᠂ ᠣᠷᠣᠨ ᠨᠤᠲᠤᠭ ᠤᠨ ᠤᠨ ᠡᠷᠬᠢᠯᠡᠭᠴᠢ ᠾᠧ ᠪᠢᠶᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ ᠠᠴᠠ 《 ᠬᠢᠴᠢᠶᠡᠯ ᠦᠨ ᠲᠠᠩᠬᠢᠮ 》 ᠤᠨ ᠲᠠᠪᠤᠳᠤᠭᠠᠷ ᠲᠠᠶᠢᠯᠤᠮᠵᠢ ᠂ ᠶᠡᠷᠦᠩᠬᠡᠶᠢᠯᠡᠭᠰᠡᠨ ᠭᠠᠵᠠᠷ ᠤᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠯᠢ ᠶᠠᠩ 《 ᠰᠢᠤᠸᠠᠢ ᠲᠢᠶᠠᠨ ᠲᠣᠰᠬᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠲᠣᠰᠬᠣᠨ ᠳᠤ ᠵᠢᠷᠤᠭᠲᠤ 》 ᠶᠢᠨ ᠲᠣᠭᠣᠷᠢᠨ ᠳᠤ ᠳᠠᠭᠠᠭᠤᠯᠤᠨ ᠰᠤᠷᠤᠯᠴᠠᠵᠤ ᠬᠤᠪᠢᠶᠠᠯᠴᠠᠪᠠ᠃
ᠡᠷᠬᠢᠯᠡᠭᠴᠢ ᠾᠧ ᠪᠢᠶᠤᠤ ᠵᠢᠭᠠᠵᠤ ᠭᠠᠷᠭᠠᠭᠰᠠᠨ ᠨᠢ ᠂ ᠲᠣᠰ ᠤᠳᠠᠭᠠᠨ ᠤ ᠳᠠᠭᠠᠭᠤᠯᠤᠨ ᠰᠤᠷᠤᠯᠴᠠᠬᠤ ᠠᠵᠢᠯᠯᠠᠭ᠎ᠠ ᠨᠢ ᠲᠣᠰᠬᠣᠨ ᠳᠤ ᠰᠠᠭᠤᠭ᠎ᠠ ᠺᠠᠳ᠋ᠷ ᠤᠨ ᠬᠥᠳᠡᠭᠡ ᠲᠣᠰᠬᠣᠨ ᠳᠤ ᠡᠴᠡ ᠬᠥᠳᠡᠭᠡ ᠲᠣᠰᠬᠣᠨ ᠳᠤ ᠭᠦᠷᠦᠭᠰᠡᠨ ᠂ ᠶᠠᠳᠠᠭᠤ ᠶᠢ ᠲᠡᠳᠬᠦᠬᠦ ᠠᠵᠢᠯ ᠤᠨ ᠰᠡᠳᠬᠢᠴᠡ ᠶᠢᠨ ᠥᠩᠭᠡᠷᠡᠯᠲᠡ ᠶᠢ ᠠᠮᠢᠳᠤᠯᠢᠭ ᠪᠥᠭᠡᠳ ᠭᠦᠨᠵᠡᠭᠡᠶ ᠶᠠᠷᠢᠭᠰᠠᠨ ᠪᠠᠶᠢᠨ᠎ᠠ ᠂ ᠡᠨᠡ ᠨᠢ ᠶᠠᠭ 《 ᠬᠦᠴᠢᠷ ᠪᠡᠷᠬᠡᠰᠢᠶᠡᠯ ᠲᠤᠯᠭᠠᠷᠠᠪᠠᠯ ᠡᠷᠡᠯᠬᠡᠭ ᠪᠠᠭᠠᠲᠤᠷᠯᠢᠭ ᠪᠣᠯᠵᠣ ᠂ ᠬᠠᠲᠠᠭᠤᠵᠢᠨ ᠪᠣᠯᠪᠠᠰᠤᠷᠠᠪᠠᠯ ᠠᠮᠵᠢᠯᠲᠠ ᠣᠯᠤᠨ᠎ᠠ 》 ᠭᠡᠳᠡᠭᠴᠢᠯᠡᠨ ᠂ ᠲᠣᠭ᠎ᠠ ᠲᠣᠮᠰᠢ ᠥᠬᠡᠶ ᠣᠯᠠᠨ ᠶᠠᠳᠠᠭᠤ ᠶᠢ ᠲᠡᠳᠬᠦᠬᠦ ᠠᠵᠢᠯᠲᠠᠨ ᠤ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠠᠴᠠ ᠮᠢᠩᠭ᠎ᠠ ᠲᠦᠮᠡᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠤᠭᠰᠠᠨ ᠥᠯᠢᠭᠡᠷ ᠬᠦᠷᠲᠡᠯ᠎ᠡ ᠴᠥᠮ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠡᠨᠡ ᠬᠦ ᠬᠥᠮᠦᠨ ᠲᠥᠷᠥᠯᠬᠢᠲᠡᠨ ᠦ ᠲᠡᠦᠬᠡᠨ ᠳᠡᠭᠡᠷᠡᠬᠢ ᠬᠡᠪᠴᠢᠶ᠎ᠡ ᠪᠡᠷ ᠬᠠᠮᠤᠭ ᠤᠨ ᠶᠡᠬᠡ ᠂ ᠡᠷᠴᠢᠮ ᠢᠶᠡᠷ ᠬᠠᠮᠤᠭ ᠤᠨ ᠴᠢᠩᠭ᠎ᠠ ᠂ ᠬᠠᠮᠤᠭ ᠤᠨ ᠣᠯᠠᠨ ᠬᠥᠮᠦᠨ ᠠᠮᠠ ᠳᠤ ᠠᠰᠢᠭ ᠬᠦᠷᠲᠡᠭᠡᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠢ ᠭᠦᠨᠵᠡᠭᠡᠶ ᠭᠡᠷᠡᠴᠢᠯᠡᠭᠰᠡᠨ ᠪᠠᠶᠢᠨ᠎ᠠ᠃ ᠡᠶᠢᠮᠦ ᠡᠴᠡ ᠂ ᠪᠢᠳᠡ ᠭᠣᠣᠯ ᠬᠠᠷᠢᠭᠤᠴᠠᠯᠭ᠎ᠠ ᠭᠣᠣᠯ ᠠᠵᠢᠯ ᠳᠠᠭᠠᠨ ᠰᠠᠭᠤᠷᠢᠯᠠᠵᠤ ᠂ 《 ᠶᠠᠳᠠᠭᠤ ᠶᠢ ᠣᠶᠢᠯᠠᠯᠭ᠎ᠠ 》《 ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠣᠶᠢᠯᠠᠯᠭ᠎ᠠ 》 ᠵᠡᠷᠭᠡ ᠲᠤᠰᠬᠠᠢ ᠮᠡᠷᠭᠡᠵᠢᠯ ᠦᠨ ᠣᠶᠢᠯᠠᠯᠭ᠎ᠠ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠣᠷᠢᠭ ᠰᠠᠨᠠᠭ᠎ᠠ ᠶᠢ ᠶᠡᠬᠡ ᠪᠡᠷ ᠪᠠᠳᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠭᠤᠤ ᠶᠡᠬᠡ ᠲᠡᠮᠡᠴᠡᠯ ᠦᠨ ᠢᠯᠠᠯᠲᠠ ᠣᠯᠤᠭᠰᠠᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠠᠭᠤᠤ ᠭᠠᠪᠢᠶ᠎ᠠ ᠠᠤᠭ᠎ᠠ ᠵᠢᠳᠬᠦᠯ ᠢ ᠨᠠᠷᠢᠨ ᠪᠣᠳᠠᠲᠠᠢ ᠲᠡᠮᠳᠡᠭᠯᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠂ ᠳᠤᠮᠳᠠᠳᠤ ᠤᠯᠤᠰ ᠤᠨ ᠠᠷᠠᠳ ᠲᠦᠮᠡᠨ ᠦ ᠵᠣᠷᠢᠭ ᠰᠠᠨᠠᠭ᠎ᠠ ᠪᠣᠯᠤᠨ ᠦᠨᠡᠨ ᠰᠠᠢᠢᠨ ᠰᠠᠶᠢᠬᠠᠨ ᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃