ᠵᠤᠬᠢᠶᠠᠭᠴᠢ:
ᠴᠠᠭ:2022-07-29
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠾᠧ ᠪᠢᠶᠤᠤ ᠨᠥᠬᠥᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠦᠨ ᠪᠥᠬᠥ ᠨᠠᠮ ᠤᠨ ᠭᠡᠰᠢᠭᠦᠨ ᠺᠠᠳ᠋ᠷ ᠲᠤ ᠲᠤᠰᠬᠠᠶ ᠰᠡᠳᠦᠪᠲᠦ ᠨᠠᠮ ᠤᠨ ᠬᠢᠴᠢᠶᠡᠯ

ᠨᠠᠮ ᠤᠨ ᠬᠣᠷᠢᠳᠤᠭᠠᠷ ᠶᠡᠬᠡ ᠬᠤᠷᠠᠯ ᠢ ᠪᠠᠶᠠᠷᠯᠠᠨ ᠤᠭᠲᠤᠬᠤ ᠲᠠᠰᠢᠷᠠᠮ ᠢᠶᠠᠷ ᠂ 2022 ᠣᠨ ᠤ 7 ᠰᠠᠷ᠎ᠠ ᠶᠢᠨ 22 ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠂ ᠨᠠᠮ ᠤᠨ ᠡᠭᠦᠷ ᠦᠨ ᠱᠦᠵᠢ ᠾᠧ ᠪᠢᠶᠤᠤ 《 ᠰᠣᠶᠣᠯ ᠤᠨ ᠢᠲᠡᠭᠡᠯ ᠢᠶ᠎ᠡ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠰᠠᠶᠢᠲᠤᠷ 》 ᠭᠣᠣᠯ ᠰᠡᠳᠦᠪ ᠪᠣᠯᠭᠠᠵᠤ ᠂ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠪᠦᠬᠦ ᠨᠠᠮ ᠤᠨ ᠭᠡᠰᠢᠭᠦᠨ ᠺᠠᠳ᠋ᠷ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠳᠡᠳ᠋ ᠡᠷᠬᠢᠯᠡᠭᠴᠢ ᠂ ᠨᠠᠮ ᠤᠨ ᠡᠭᠦᠷ ᠦᠨ ᠳᠡᠳ᠋ ᠱᠦᠵᠢ ᠮᠸᠩ ᠰᠢᠤ ᠹᠠᠩ ᠵᠢᠴᠢ ᠪᠥᠬᠥ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ᠃
ᠾᠧ ᠪᠢᠶᠤᠤ ᠨᠥᠬᠥᠷ ᠰᠣᠶᠣᠯ ᠤᠨ ᠢᠲᠡᠭᠡᠯ ᠢᠶᠡᠨ ᠪᠠᠷ ᠵᠣᠭᠰᠣᠴᠠ ᠂ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠤᠨ ᠢᠲᠡᠭᠡᠯ ᠢᠶᠡᠨ ᠪᠠᠷ ᠬᠦᠴᠦᠯᠡᠬᠦ ᠴᠡᠭ ᠪᠣᠯᠭᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠤᠨ ᠢᠲᠡᠭᠡᠯ ᠪᠣᠯ ᠰᠣᠶᠣᠯ ᠤᠨ ᠢᠲᠡᠭᠡᠯ ᠦᠨ ᠴᠢᠬᠤᠯᠠ ᠪᠦᠷᠢᠯᠳᠦᠬᠦᠨ ᠬᠡᠰᠡᠭ ᠪᠣᠯᠬᠤ ᠶᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠦ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ 《 ᠨᠠᠮ ᠤᠨ ᠲᠥᠯᠥᠭᠡ ᠦᠭᠡ ᠬᠡᠯᠡᠬᠦ ᠂ ᠤᠯᠤᠰ ᠤᠨ ᠲᠥᠯᠥᠭᠡ ᠲᠡᠦᠬᠡ ᠶᠢ ᠬᠠᠳᠠᠭᠠᠯᠠᠬᠤ ᠂ ᠠᠷᠠᠳ ᠤᠨ ᠲᠥᠯᠥᠭᠡ ᠣᠶᠢᠯᠠᠯᠭ᠎ᠠ 》 ᠭᠡᠷᠡᠯ ᠰᠠᠴᠤᠷᠠᠩᠭᠤᠢ ᠤᠯᠤᠰ ᠲᠦᠷᠦ ᠶᠢᠨ ᠡᠭᠦᠷᠭᠡ ᠨᠢ ᠴᠠᠭ ᠦᠶ᠎ᠡ ᠶᠢᠨ ᠬᠥᠭᠵᠢᠯᠲᠡ ᠶᠢ ᠲᠠᠭᠠᠨ ᠤᠳᠤ ᠪᠣᠯᠲᠠᠯ᠎ᠠ ᠮᠥᠨᠬᠦ ᠥᠨᠢ ᠤᠳᠠᠭᠠᠨ ᠰᠢᠨᠡᠳᠴᠦ ᠪᠠᠶᠢᠬᠤ ᠶᠢ ᠠᠮᠢᠳᠤᠯᠢᠭ ᠢᠶᠠᠷ ᠢᠯᠡᠷᠡᠭᠦᠯᠵᠦ ᠂ ᠰᠢᠨ᠎ᠡ ᠴᠠᠭ ᠦᠶ᠎ᠡ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ ᠂ ᠲᠥᠪ ᠶᠣᠰᠣ ᠶᠢ ᠰᠠᠬᠢᠵᠤ ᠰᠢᠨ᠎ᠡ ᠲᠤᠰ ᠪᠡᠶ᠎ᠡ ᠶᠢᠨ ᠲᠠᠪᠠᠯᠳᠠᠳᠤ ᠬᠥᠭᠵᠢᠯᠲᠡ ᠪᠡᠨ ᠪᠡᠶᠡᠯᠡᠭᠦᠯᠵᠦ ᠴᠢᠳᠠᠨ᠎ᠠ ᠭᠡᠳᠡᠭ ᠢ ᠭᠦᠨᠵᠡᠭᠡᠢ ᠭᠡᠷᠡᠴᠢᠯᠡᠪᠡ᠃
ᠾᠧ ᠪᠢᠶᠤᠤ ᠨᠥᠬᠥᠷ ᠂ ᠲᠡᠦᠬᠡ ᠪᠣᠯᠤᠨ ᠪᠣᠳᠠᠲᠤ ᠪᠠᠶᠢᠳᠠᠯ ᠢ ᠤᠶᠠᠯᠳᠤᠭᠤᠯᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠤᠨ ᠳᠣᠲᠣᠭᠠᠳᠤ ᠦᠷᠳᠡᠭ ᠢ ᠤᠯᠠᠮ ᠴᠢᠨᠠᠭᠰᠢᠳᠠ ᠠᠭᠤᠳᠠᠯᠬᠤ ᠬᠡᠷᠡᠭᠲᠡᠢ᠃ ᠲᠡᠦᠬᠡᠨ ᠳᠡᠭᠡᠷ᠎ᠡ ᠪᠦᠷᠢᠯᠳᠦᠭᠰᠡᠨ ᠣᠷᠣᠨ ᠨᠤᠲᠤᠭ ᠤᠨ ᠣᠨᠴᠠᠯᠢᠭ ᠢᠶᠠᠷ ᠢᠯᠡ ᠲᠣᠳᠣ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠨᠢ ᠪᠣᠳᠠᠰ ᠤᠨ ᠪᠤᠰᠤ ᠰᠣᠶᠣᠯ ᠤᠨ ᠥᠪ ᠦᠨ ᠭᠣᠣᠯᠳᠠᠯᠭ᠎ᠠ ᠲᠠᠶ ᠬᠠᠮᠠᠭᠠᠯᠠᠬᠤ ᠡᠲᠡᠭᠡᠳ ᠪᠣᠯᠬᠤ ᠶᠣᠰᠣᠲᠠᠶ ᠂ ᠤᠷᠤᠰᠬᠠᠯ ᠳᠤᠮᠳᠠ ᠮᠠᠷᠲᠠᠭᠳᠠᠵᠤ ᠂ ᠠᠷᠢᠯᠵᠤ ᠣᠭᠲᠣ ᠪᠣᠯᠬᠤ ᠦᠭᠡᠶ᠃ ᠪᠢᠳᠡ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠂ ᠲᠥᠪ ᠦᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠷᠳᠡᠭ ᠦᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ ᠂ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠢ ᠨᠤᠲᠤᠭ ᠤᠨ ᠠᠶᠠᠯᠭᠤ ᠶᠢ ᠣᠯᠵᠤ ᠰᠣᠨᠣᠰᠬᠤ ᠂ ᠨᠤᠲᠤᠭ ᠤᠨ ᠮᠥᠷᠥᠭᠡᠳᠦᠯ ᠦᠨ ᠴᠢᠬᠤᠯᠠ ᠠᠴᠢᠶᠠᠯᠠᠪᠤᠷᠢ ᠂ ᠬᠣᠯᠪᠣᠭᠠᠰᠤ ᠪᠠ ᠬᠥᠭᠥᠷᠭᠡ ᠪᠣᠯᠭᠠᠬᠤ ᠬᠡᠷᠡᠭᠲᠡᠢ᠃