ᠵᠤᠬᠢᠶᠠᠭᠴᠢ:
ᠴᠠᠭ:2022-08-19
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠣᠷᠳᠣᠰ ᠬᠣᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠵᠢᠭᠠᠨ ᠵᠢᠯᠣᠭᠣᠳᠪᠠ

2022 ᠣᠨ ᠤ 8 ᠳ᠋ᠤᠭᠠᠷ ᠰᠠᠷ᠎ᠠ ᠶᠢᠨ 3 — 4 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠳᠡᠳ᠋ ᠡᠷᠬᠢᠯᠡᠭᠴᠢ ᠮᠸᠩ ᠰᠢᠤ ᠹᠠᠩ ᠪᠦᠯᠬᠦᠮ ᠳᠠᠭᠠᠭᠤᠯᠵᠤ ᠂ ᠣᠨ ᠤ ᠶᠢᠨ ᠭᠠᠵᠠᠷ ᠤᠨ ᠳᠠᠷᠤᠭ᠎ᠠ ᠬᠠᠰᠬᠤᠸᠠᠷ ᠂ ᠣᠨ ᠤ ᠶᠢᠨ ᠭᠠᠵᠠᠷ ᠤᠨ ᠤᠤᠯ ᠤᠨ ᠳᠠᠷᠤᠭ᠎ᠠ ᠂ ᠣᠨ ᠤ ᠶᠢᠨ ᠭᠠᠵᠠᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠂ ᠳᠥᠷᠪᠡᠳᠦᠭᠡᠷ ᠳᠡᠰ ᠤᠨ ᠭᠡᠰᠢᠭᠦᠴᠢ ᠵᠣᠣ ᠵᠢᠩ ᠨᠡᠷ ᠢᠶᠡᠷ ᠪᠦᠷᠢᠯᠳᠦᠬᠦᠨ ᠪᠣᠯᠭᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠣᠷᠳᠣᠰ ᠬᠣᠲᠠ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠣᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠬᠤᠷᠠᠯ ᠬᠤᠷᠠᠯᠳᠤᠭᠤᠯᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠂ ᠣᠶᠢᠯᠠᠯᠭ᠎ᠠ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠯᠤᠭ᠎ᠠ ᠵᠥᠪᠳᠡᠯᠴᠡᠨ ᠰᠤᠳᠤᠯᠬᠤ ᠵᠡᠷᠭᠡ ᠬᠡᠯᠪᠡᠷᠢ ᠢ ᠠᠪᠴᠤ ᠂ ᠪᠣᠳᠠᠲᠤ ᠪᠠᠶᠢᠳᠠᠯ ᠢ ᠣᠶᠢᠯᠠᠭᠠᠨ ᠂ ᠪᠣᠳᠠᠲᠠᠶ ᠠᠷᠭ᠎ᠠ ᠭᠠᠷᠭᠠᠵᠤ ᠂ ᠣᠶᠢᠯᠠᠯᠭ᠎ᠠ ᠨᠠᠶᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ ᠪᠠ ᠠᠷᠭ᠎ᠠ ᠶᠢ ᠬᠠᠮᠲᠤᠪᠠᠷ ᠬᠠᠶᠢᠨ ᠃
ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠣᠵᠢᠳ ᠵᠡᠭᠦᠨᠭᠠᠷ ᠬᠣᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠂ ᠣᠷᠳᠣᠰ ᠬᠣᠲᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠳᠤ ᠬᠦᠷᠴᠦ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠠᠵᠢᠯᠲᠠᠨ ᠵᠢᠴᠢ ᠠᠯᠪᠠᠨ ᠬᠡᠷ ᠦᠨ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠤ ᠬᠠᠮᠢᠶᠠᠷᠤᠯᠲᠠ ᠂ ᠮᠠᠲ᠋ᠧᠷᠢᠶᠠᠯ ᠴᠤᠭᠯᠠᠭᠤᠯᠬᠤ ᠂ ᠲᠠᠩᠰᠠ ᠡᠪᠬᠡᠮᠡᠯ ᠢ ᠬᠠᠮᠢᠶᠠᠷᠬᠤ ᠵᠡᠷᠭᠡ ᠪᠠᠶᠢᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠵᠤ ᠂ ᠬᠣᠶᠠᠷ ᠭᠠᠵᠠᠷ ᠤᠨ ᠣᠶᠢᠯᠠᠯᠭ᠎ᠠ ᠨᠠᠶᠢᠷᠠᠭᠤᠯᠬᠤ ᠶᠠᠪᠤᠴᠠ ᠵᠢᠴᠢ ᠲᠦᠷᠢᠮ ᠲᠣᠭᠲᠠᠭᠠᠯ ᠲᠣᠭᠲᠠᠭᠠᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ ᠂ ᠣᠨ ᠤ ᠣᠶᠢᠯᠠᠪᠤᠷᠢ ᠂ ᠬᠣᠶᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠬᠠᠮᠲᠤ ᠂ ᠠᠵᠢᠯ ᠢ ᠠᠬᠢᠭᠤᠯᠤᠨ ᠶᠠᠪᠤᠴᠠ ᠳᠠᠬᠢ ᠬᠠᠮᠢᠶ᠎ᠠ ᠪᠥᠬᠥᠶ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠨᠠᠷᠢᠨ ᠬᠢᠨᠠᠮᠠᠭᠠᠶ ᠰᠣᠯᠢᠯᠴᠠᠪᠠ᠃
ᠪᠠᠶᠢᠴᠠᠭᠠᠨ ᠰᠤᠳᠤᠯᠬᠤ ᠳᠤᠭᠤᠶᠢᠯᠠᠩ ᠣᠷᠳᠣᠰ ᠬᠣᠲᠠ ᠳᠤ ᠪᠥᠬᠥ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠣᠨ ᠤ ᠣᠶᠢᠯᠠᠪᠤᠷᠢ ᠶᠢᠨ ᠭᠠᠵᠠᠷ ᠤᠨ ᠬᠠᠮᠢᠶ᠎ᠠ ᠪᠥᠬᠥᠶ ᠬᠠᠷᠢᠭᠤᠴᠠᠯᠭᠠᠲᠠᠳ ᠣᠨ ᠤ ᠣᠶᠢᠯᠠᠪᠤᠷᠢ ᠶᠢᠨ ᠡᠬᠡ ᠪᠢᠴᠢᠭ ᠂ ᠨᠠᠶᠢᠷᠠᠭᠤᠯᠬᠤ ᠪᠠ ᠬᠡᠪᠯᠡᠭᠦᠯᠬᠦ ᠶᠠᠪᠤᠴᠠ ᠳᠠᠬᠢ ᠠᠩᠬᠠᠷᠬᠤ ᠵᠦᠶᠯᠡᠰ ᠢ ᠲᠤᠬᠠᠶ ᠶᠢᠨ ᠲᠠᠯᠠᠪᠠᠶ ᠳᠤ ᠬᠠᠪᠰᠤᠷᠤᠨ ᠵᠢᠯᠣᠭᠣᠳᠪᠠ᠃ ᠲᠡᠷᠡᠴᠢᠯᠡᠨ ᠬᠣᠲᠠ ᠶᠢᠨ ᠲᠣᠰ ᠱᠠᠲᠤ ᠪᠠ ᠡᠯ᠎ᠡ ᠬᠣᠰᠢᠭᠤ ᠲᠣᠭᠣᠷᠢᠭ ᠨᠢ ᠤᠯᠤᠰ ᠤᠨ 《 ᠨᠢᠭᠡ ᠵᠢᠯ ᠳᠦ ᠨᠢᠭᠡ ᠨᠠᠶᠢᠷᠠᠭᠤᠯᠬᠤ ᠂ ᠢᠯᠡ ᠬᠡᠪᠯᠡᠭᠦᠯᠬᠦ 》 ᠱᠠᠭᠠᠷᠳᠠᠯᠭ᠎ᠠ ᠶᠣᠰᠣᠭᠠᠷ ᠂ ᠡᠯ᠎ᠡ ᠭᠠᠵᠠᠷ ᠤᠨ ᠶᠡᠷᠦᠩᠬᠡᠶᠢᠯᠡᠭᠰᠡᠨ ᠣᠨ ᠤ ᠶᠢ 2022 ᠣᠨ ᠳᠤ ᠪᠦᠬᠦᠨ ᠢ ᠬᠡᠪᠯᠡᠭᠦᠯᠬᠦ ᠱᠠᠭᠠᠷᠳᠠᠪᠠ᠃
ᠶᠠᠷᠢᠯᠴᠠᠬᠤ ᠬᠤᠷᠠᠯ ᠳᠡᠭᠡᠷ᠎ᠡ ᠂ ᠮᠸᠩ ᠰᠢᠤ ᠹᠠᠩ ᠣᠷᠳᠣᠰ ᠬᠣᠲᠠ ᠵᠢᠴᠢ ᠡᠯ᠎ᠡ ᠬᠣᠰᠢᠭᠤ ᠲᠣᠭᠣᠷᠢᠭ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠬᠢᠭᠰᠡᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠭᠦᠶᠴᠡᠳ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃