ᠵᠤᠬᠢᠶᠠᠭᠴᠢ:
ᠴᠠᠭ:2022-11-25
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠰᠢᠯᠢ ᠶᠢᠨ ᠭᠣᠸᠯ ᠠᠶᠢᠮᠠᠭ ᠤᠨ ᠬᠢᠨ ︽ ᠰᠣᠳᠣᠨ ᠣᠨ ᠤ ᠣᠶᠢᠯᠠᠪᠤᠷᠢ ᠤᠩᠰᠢᠬᠤ ᠤᠯᠠᠷᠢᠯ ︾ ᠤᠨ ᠤᠩᠰᠢᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ

2022 11 ᠰᠠᠷ᠎ᠠ ᠶᠢᠨ 15 — 16 ᠤ ᠡᠳᠦᠷ ᠂ ᠰᠢᠯᠢ ᠶᠢᠨ ᠭᠣᠸᠯ ᠠᠶᠢᠮᠠᠭ ᠤᠨ ᠬᠢᠨ 《 ᠰᠣᠳᠣᠨ ᠣᠨ ᠤ ᠤᠩᠰᠢᠬᠤ ᠤᠯᠠᠷᠢᠯ 》 ᠤᠨ ᠤᠩᠰᠢᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ ᠃ ᠬᠢᠵᠢᠭ ᠦᠨ ᠪᠠᠶᠢᠳᠠᠯ ᠤᠨ ᠰᠢᠯᠲᠠᠭᠠᠨ ᠠᠴᠠ ᠪᠣᠯᠵᠣ ᠂ ᠲᠣᠰ ᠤᠳᠠᠭᠠᠨ ᠤ ᠢ 《 ᠰᠦᠯᠵᠢᠶᠡᠨ ᠭᠠᠳᠠᠨ᠎ᠠ + ᠰᠦᠯᠵᠢᠶᠡᠨ ᠳᠡᠭᠡᠷᠡᠬᠢ ᠸᠢᠴᠠᠲ ᠲᠠᠪᠴᠠᠩ 》 ᠤᠨ ᠬᠡᠯᠪᠡᠷᠢ ᠪᠡᠷ ᠵᠣᠬᠢᠶᠠᠨ ᠪᠠᠶᠢᠭᠤᠯᠵᠤ ᠬᠤᠷᠠᠯᠳᠤᠭᠤᠯᠪᠠ ᠨᠢ ᠭᠣᠸᠯᠳᠠᠭᠤ ᠤᠳᠤᠷᠢᠳᠤᠯᠭ᠎ᠠ ᠶᠢᠨ ᠶᠠᠷᠢᠶ᠎ᠠ ᠂ ᠣᠨ ᠤ ᠣᠶᠢᠯᠠᠪᠤᠷᠢ ᠪᠠ ᠴᠢᠯᠥᠭᠡᠲᠡᠶ ᠶᠠᠷᠢᠯᠴᠠᠬᠤ ᠪᠠᠷ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠣᠨ ᠤ ᠶᠢᠨ ᠭᠠᠵᠠᠷ ᠂ ᠠᠶᠢᠮᠠᠭ ᠤᠨ ᠲᠡᠸᠬᠡ ᠣᠶᠢᠯᠠᠯᠭ᠎ᠠ ᠰᠤᠳᠤᠯᠬᠤ ᠲᠠᠰᠤᠭ ᠂ ᠡᠯ᠎ᠡ ᠬᠣᠰᠢᠭᠤ ᠰᠢᠶᠠᠨ ᠬᠣᠲᠠ ︵ ᠲᠣᠭᠣᠷᠢᠭ ︶ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠮᠵᠢ ᠶᠢᠨ ᠤᠳᠤᠷᠢᠳᠤᠯᠭ᠎ᠠ ᠂ ᠨᠡᠶᠢᠭᠡᠮ ᠲᠤᠰᠬᠠᠶ ᠮᠡᠷᠭᠡᠵᠢᠯᠲᠡᠨ ᠵᠢᠴᠢ ᠲᠤᠰᠬᠠᠶ ᠮᠡᠷᠭᠡᠵᠢᠯ ᠦᠨ ᠠᠵᠢᠯᠲᠠᠨ 40 ᠭᠠᠷᠤᠶ ᠬᠥᠮᠦᠨ ᠲᠣᠰ ᠤᠳᠠᠭᠠᠨ ᠤ ᠰᠣᠳᠣᠨ ᠣᠨ ᠤ ᠶᠢ ᠰᠢᠯᠭᠠᠨ ᠢᠯᠭᠠᠬᠤ ᠰᠤᠳᠤᠯᠤᠨ ᠶᠠᠷᠢᠯᠴᠠᠬᠤ ᠣᠷᠣᠯᠴᠠᠵᠠᠶ ᠃
ᠬᠤᠷᠠᠯ ᠤᠨ ᠬᠤᠭᠤᠴᠠᠭᠠᠨ ᠳᠤ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠣᠨ ᠤ ᠶᠢᠨ ᠭᠠᠵᠠᠷ ᠤᠨ ᠬᠠᠮᠢᠶ᠎ᠠ ᠪᠥᠬᠥᠶ ᠬᠠᠷᠢᠭᠤᠴᠠᠯᠭᠠᠲᠠᠨ ᠤ ᠵᠢᠭᠠᠨ ᠲᠣᠭᠲᠠᠭᠠᠭᠰᠠᠨ 《 ᠯᠢᠶᠠᠨ ᠶᠦᠨ ᠭᠠᠩ ᠤᠨ ᠣᠨ ᠤ ︵ 2019 ︶ 》 《 ᠴᠠᠩᠱᠠ ᠶᠢᠨ ᠣᠨ ᠤ ︵ 2020 ︶ 》 《 ᠪᠡᠭᠡᠵᠢᠩ ᠦᠨ ᠴᠤᠤᠶᠠᠩ ᠤᠨ ᠣᠨ ᠤ ︵ 2020 ︶ 》 《 ᠰᠢᠶᠤᠤ ᠢ ᠣᠨ ᠤ ︵ 2020 ︶ 》 ᠵᠡᠷᠭᠡ 4 ᠰᠢᠯᠢᠳᠡᠭ ᠣᠨ ᠤ ᠶᠢᠨ ᠲᠣᠭᠣᠷᠢᠨ ᠳᠤ ᠭᠣᠶᠢᠳᠠ ᠰᠠᠶᠢᠬᠠᠨ ᠵᠢᠯᠣᠭᠣᠳᠬᠤ ᠶᠠᠷᠢᠶ᠎ᠠ ᠲᠠᠯᠪᠢᠪᠠ ᠃ ᠬᠤᠷᠠᠯ ᠳᠤ ᠣᠷᠣᠯᠴᠠᠭᠰᠠᠨ ᠪᠤᠰᠤᠳ ᠬᠥᠮᠦᠰ ᠬᠡᠷᠡᠭ ᠶᠠᠪᠤᠳᠠᠯ ᠤᠨ ᠲᠡᠮᠳᠡᠭᠯᠡᠯ ᠢ ᠨᠠᠶᠢᠷᠠᠭᠤᠯᠤᠨ ᠪᠢᠴᠢᠬᠦ ᠂ ᠵᠢᠷᠤᠭ ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠂ ᠪᠦᠲᠦᠴᠡ ᠶᠢᠨ ᠪᠣᠷᠣ ᠲᠥᠯᠥᠪ ᠢ ᠵᠢᠷᠤᠵᠤ ᠲᠥᠯᠥᠪᠯᠡᠬᠦ ᠂ ᠮᠠᠲ᠋ᠧᠷᠢᠶᠠᠯ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠂ ᠲᠡᠮᠳᠡᠭᠯᠡᠨ ᠲᠣᠭᠠᠴᠢᠬᠤ ᠭᠣᠸᠯᠳᠠᠯᠭ᠎ᠠ ᠰᠣᠩᠭᠣᠨ ᠠᠪᠬᠤ ᠂ ᠪᠣᠳᠠᠲᠠᠶ ᠭᠠᠷᠴᠠᠭᠯᠠᠯ ᠢ ᠪᠢᠴᠢᠬᠦ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠣᠯᠢᠯᠴᠠᠪᠠ ᠃ ᠬᠣᠶᠠᠷ ᠡᠳᠦᠷ ᠦᠨ ᠬᠤᠷᠠᠯ ᠤᠨ ᠬᠤᠭᠤᠴᠠᠭᠠᠨ ᠳᠤ ᠂ 40 ᠭᠠᠷᠤᠶ ᠵᠤᠷᠪᠤᠰ ᠲᠤᠷᠰᠢᠯᠭ᠎ᠠ ᠶᠢ ᠰᠢᠯᠭᠠᠨ ᠰᠣᠯᠢᠯᠴᠠᠵᠤ ᠂ ᠣᠨᠣᠯ ᠤᠨ ᠴᠢᠨᠠᠷᠲᠠᠶ ᠵᠣᠬᠢᠶᠠᠯ 13 ᠶᠢ ᠪᠢᠴᠢᠵᠡᠶ ᠃
ᠰᠢᠯᠢ ᠶᠢᠨ ᠭᠣᠣᠯ ᠠᠶᠢᠮᠠᠭ ᠣᠷᠣᠨ ᠨᠤᠲᠤᠭ ᠤᠨ ᠣᠶᠢᠯᠠᠯᠭ᠎ᠠ ᠶᠢᠨ 《 ᠬᠣᠶᠠᠷ ᠬᠠᠷᠠᠯᠲᠠ 》 ᠶᠢᠨ ᠡᠭᠦᠷᠭᠡ ᠶᠢᠨ ᠱᠠᠭᠠᠷᠳᠠᠯᠭ᠎ᠠ ᠶᠣᠰᠣᠭᠠᠷ ᠂ 2020 ᠣᠨ ᠤ ᠰᠡᠭᠦᠯᠴᠢ ᠪᠡᠷ 14 1 13 ᠂ 《 ᠨᠢᠭᠡ ᠵᠢᠯ ᠳᠦ ᠨᠢᠭᠡ ᠨᠠᠢᠷᠠᠭᠤᠯᠬᠤ ᠂ ᠢᠯᠡ ᠪᠡᠷ ᠬᠡᠪᠯᠡᠭᠦᠯᠬᠦ 》 ᠬᠠᠷᠠᠯᠲᠠ ᠶᠢ ᠤᠷᠤᠭᠰᠢᠲᠠᠶ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠂ ᠨᠢᠭᠡᠨᠲᠡ ᠬᠣᠶᠠᠷ ᠵᠢᠯ ᠦᠷᠭᠦᠯᠵᠢᠯᠡᠨ ᠪᠡᠬᠢᠵᠢᠭᠦᠯᠵᠦ ᠂ ᠣᠨ ᠤ ᠣᠶᠢᠯᠠᠪᠤᠷᠢ ᠨᠠᠶᠢᠷᠠᠭᠤᠯᠤᠨ ᠬᠡᠪᠯᠡᠭᠦᠯᠬᠦ ᠪᠦᠬᠦᠯᠢ ᠴᠣᠭᠴᠠ ᠶᠢᠨ ᠠᠵᠢᠯ ᠢ ᠤᠷᠤᠭᠰᠢᠲᠠᠶ ᠠᠬᠢᠭᠤᠯᠤᠭᠰᠠᠨ ᠪᠣᠯᠪᠠᠴᠤ ᠣᠨ ᠤ ᠣᠶᠢᠯᠠᠪᠤᠷᠢ ᠶᠢᠨ ᠶᠠᠰᠤ ᠴᠢᠨᠠᠷ ᠤᠨ ᠲᠠᠯ᠎ᠠ ᠪᠠᠷ ᠰᠣᠳᠣᠨ ᠣᠨ ᠤ ᠣᠶᠢᠯᠠᠪᠤᠷᠢ ᠲᠠᠶ ᠬᠠᠷᠢᠴᠠᠭᠤᠯᠪᠠᠯ ᠵᠥᠷᠢᠶ᠎ᠡ ᠲᠡᠶ ᠪᠠᠶᠢᠨ᠎ᠠ ᠃ ᠲᠣᠰ ᠤᠳᠠᠭᠠᠨ ᠤ 《 ᠰᠣᠳᠣᠨ ᠣᠨ ᠤ ᠣᠶᠢᠯᠠᠪᠤᠷᠢ ᠤᠯᠠᠷᠢᠯ 》 ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠥᠷᠨᠢᠭᠦᠯᠬᠦ ᠪᠡᠷ ᠳᠠᠮᠵᠢᠭᠤᠯᠤᠨ ᠂ ᠰᠣᠳᠣᠨ ᠣᠨ ᠤ ᠣᠶᠢᠯᠠᠪᠤᠷᠢ ᠯᠤᠭ᠎ᠠ ᠶᠢᠨ ᠨᠠᠶᠢᠷᠠᠭᠤᠯᠭ᠎ᠠ ᠶᠢᠨ ᠶᠠᠰᠤ ᠴᠢᠨᠠᠷ ᠤᠨ ᠲᠠᠯ᠎ᠠ ᠪᠠᠷ ᠬᠢ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠶᠢ ᠨᠠᠩ ᠣᠨᠣᠪᠴᠢᠲᠠᠶ ᠡᠷᠢᠵᠦ ᠂ ᠪᠥᠬᠥ ᠠᠶᠢᠮᠠᠭ ᠤᠨ ᠣᠨ ᠤ ᠣᠶᠢᠯᠠᠪᠤᠷᠢ ᠶᠢᠨ ᠠᠵᠢᠯ ᠤᠨ ᠪᠦᠬᠦᠯᠢ ᠴᠣᠭᠴᠠ ᠪᠠᠷ ᠢᠶᠠᠨ ᠰᠢᠨ᠎ᠡ ᠨᠢᠭᠡᠨ ᠳᠡᠭᠲᠡᠷ ᠲᠦ ᠭᠠᠷᠬᠤ ᠶᠢ ᠳᠥᠯᠭᠢᠨ ᠠᠬᠢᠭᠤᠯᠬᠤ ᠳᠤ ᠠᠰᠢᠭᠲᠠᠶ ᠶᠤᠮ ᠃
ᠠᠶᠢᠮᠠᠭ ᠤᠨ ᠲᠡᠦᠬᠡ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠯᠢ ᠵᠢᠶᠠᠨ ᠸᠸᠠ ᠶᠠᠷᠢᠶ᠎ᠠ ᠲᠠᠯᠪᠢᠵᠠᠢ᠃