ᠵᠤᠬᠢᠶᠠᠭᠴᠢ:
ᠴᠠᠭ:2022-12-02
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠪᠥᠬᠥ ᠣᠷᠣᠨ ᠤ ︽ᠰᠣᠳᠣᠨ ᠣᠨ ᠤ ᠣᠶᠢᠯᠠᠪᠤᠷᠢ ᠤᠩᠰᠢᠬᠤ ᠤᠯᠠᠷᠢᠯ︾ ᠤᠨ ᠠᠵᠢᠯᠯᠠᠭ᠎ᠠ ᠶᠢᠨ ᠳ᠋ᠦᠩᠨᠡᠯᠲᠡ

ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ《ᠰᠣᠳᠣᠨ ᠪᠦᠲᠦᠭᠡᠯ ᠢᠶᠡᠷ ᠢᠶᠡᠨ ᠠᠷᠠᠳ ᠲᠦᠮᠡᠨ ᠳᠦ ᠬᠤᠪᠢ ᠨᠡᠮᠡᠷᠢ ᠦᠵᠡᠭᠦᠯᠬᠦ ᠶᠢ ᠪᠠᠷᠢᠮᠲᠠᠯᠠᠬᠤ 》ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ ᠦᠨ《 ᠰᠣᠳᠣᠨ ᠣᠨ ᠤ ᠤᠩᠰᠢᠬᠤ ᠤᠯᠠᠷᠢᠯ 》 ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠠᠴᠠ ᠪᠦᠬᠦ ᠣᠷᠣᠨ ᠤ ᠰᠣᠳᠣᠨ ᠣᠨ ᠤ ᠤᠩᠰᠢᠬᠤ ᠤᠯᠠᠷᠢᠯ ᠤᠨ ᠰᠢᠷᠢᠰ ᠠᠵᠢᠯᠯᠠᠭ᠎ᠠ ᠳᠤ ᠨᠠᠷᠢᠨ ᠨᠢᠮᠪᠠᠶ ᠪᠠᠶᠢᠷᠢᠯᠠᠭᠤᠯᠤᠯᠲᠠ ᠬᠢᠵᠦ ᠂ ᠬᠡᠷᠡᠭᠵᠢᠭᠦᠯᠬᠦ ᠲᠥᠰᠦᠯ ᠲᠣᠭᠲᠠᠭᠠᠨ ᠳᠠᠷᠤᠮᠠᠯᠯᠠᠨ ᠶᠠᠪᠤᠭᠤᠯᠵᠤ ᠂ ᠡᠯ᠎ᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢ ᠬᠢᠨᠠᠮᠠᠭᠠᠶ ᠵᠣᠬᠢᠶᠠᠨ ᠪᠠᠶᠢᠭᠤᠯᠤᠨ ᠨᠠᠷᠢᠨ ᠤᠩᠰᠢᠵᠤ ᠨᠠᠷᠢᠨ ᠰᠤᠷᠤᠯᠴᠠᠵᠤ ᠨᠠᠷᠢᠨ ᠦᠨᠡᠯᠡᠬᠦ ᠂ ᠶᠡᠬᠡ ᠪᠡᠷ ᠶᠠᠷᠢᠯᠴᠠᠬᠤ ᠂ ᠭᠣᠸᠯ ᠰᠡᠳᠦᠪᠲᠦ ᠡᠬᠡ ᠪᠢᠴᠢᠭ ᠡᠯᠰᠡᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠵᠦ ᠂ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ ᠂ ᠰᠠᠶᠢᠨ ᠦᠷ᠎ᠡ ᠪᠦᠲᠦᠮᠵᠢ ᠤᠯᠬᠤ ᠶᠢ ᠦᠨᠡᠨᠬᠦ ᠃ ᠤᠳᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠳᠣᠣᠷᠠᠬᠢ ᠮᠡᠲᠦ ᠳ᠋ᠦᠩᠨᠡᠶ᠎ᠡ᠄
ᠨᠢᠭᠡ᠂ ᠥᠷᠭᠡᠨ ᠢᠶᠡᠷ ᠲᠠᠢᠢᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ
(ᠨᠢᠭᠡ)ᠤᠳᠤᠷᠢᠳᠤᠯᠭ᠎ᠠ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠃
︵ᠬᠣᠶᠠᠷ︶ᠤᠬᠠᠭᠤᠯᠭ᠎ᠠ ᠪᠠᠨ ᠴᠢᠩᠭᠠᠷᠠᠭᠤᠯᠵᠤ ᠂ ᠨᠥᠬᠦᠴᠡᠯ ᠢ ᠪᠣᠶ ᠃
︵ᠭᠤᠷᠪᠠ︶ᠪᠣᠳᠠᠲᠠᠶ ᠲᠠᠶ ᠤᠶᠠᠯᠳᠤᠭᠤᠯᠤᠨ ᠂ ᠠᠵᠢᠯᠯᠠᠭ᠎ᠠ ᠃
ᠬᠣᠶᠠᠷ᠂ ᠠᠴᠢᠶᠠᠯᠠᠪᠤᠷᠢ ᠪᠠᠷ ᠡᠯᠪᠡᠭ ᠪᠠᠶᠠᠯᠢᠭ ᠪᠠᠶᠢᠵᠤ᠂ ᠪᠠᠶᠢᠨ ᠲᠠᠬᠢᠨ

《ᠰᠣᠳᠣᠨ ᠣᠨ ᠤ ᠤᠯᠠᠷᠢᠯ》 ᠤᠨ ᠠᠵᠢᠯᠯᠠᠭ᠎ᠠ ᠶᠢ ᠡᠬᠢᠯᠡᠭᠦᠯᠦᠭᠰᠡᠨ ᠡᠴᠡ ᠨᠠᠰᠢ ᠂ ᠪᠥᠬᠥ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠨᠤᠭᠤᠳ ᠰᠢᠨ᠎ᠡ ᠳᠢᠳᠢᠮᠯᠢᠭ ᠠᠭᠤᠰᠬᠢᠨ ᠦᠷᠪᠢᠰᠦᠯ ᠦᠨ ᠬᠢᠵᠢᠭ ᠦᠨ ᠪᠠᠶᠢᠳᠠᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠢᠯᠠᠨ ᠳᠠᠪᠠᠵᠤ ᠂ 《ᠰᠣᠳᠣᠨ ᠣᠨ ᠤ ᠤᠯᠠᠷᠢᠯ》 ᠤᠨ ᠰᠢᠷᠢᠰ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ ᠂ 《 ᠰᠣᠳᠣᠨ ᠪᠦᠲᠦᠭᠡᠯ ᠤᠩᠰᠢᠬᠤ ᠂ ᠰᠣᠳᠣᠨ ᠪᠦᠲᠦᠭᠡᠯ ᠬᠡᠷᠡᠭᠯᠡᠬᠦ ᠂ ᠰᠣᠳᠣᠨ ᠪᠦᠲᠦᠭᠡᠯ ᠨᠠᠶᠢᠷᠠᠭᠤᠯᠬᠤ 》 ᠬᠠᠯᠠᠭᠤᠨ ᠥᠷᠨᠢᠯᠲᠡ ᠶᠢ ᠪᠣᠶ ᠪᠣᠯᠭᠠᠪᠠ ᠃
︵ᠨᠢᠭᠡ︶ᠰᠣᠳᠣᠨ ᠣᠨ ᠤ ᠣᠶᠢᠯᠠᠪᠤᠷᠢ ᠶᠢ ᠬᠢᠨᠠᠮᠠᠭᠠᠶ ᠃
︵ᠬᠣᠶᠠᠷ︶ᠰᠣᠳᠣᠨ ᠣᠨ ᠤ ᠣᠶᠢᠯᠠᠪᠤᠷᠢ ᠰᠣᠯᠢᠯᠴᠠᠬᠤ ᠰᠤᠳᠤᠯᠤᠨ ᠶᠠᠷᠢᠯᠴᠠᠬᠤ ᠬᠤᠷᠠᠯ ᠢ ᠃
︵ᠭᠤᠷᠪᠠ︶ᠰᠣᠯᠢᠯᠴᠠᠬᠤ ᠵᠣᠬᠢᠶᠠᠯ ᠢ ᠨᠠᠷᠢᠨ ᠨᠢᠮᠪᠠᠶ ᠲᠤᠭᠤᠷᠪᠢᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠃
︵ᠳᠥᠷᠪᠡ︶ ᠬᠠᠷᠭᠤᠭᠤᠯᠵᠤ 2022 ᠣᠨ ᠤ ᠪᠣᠲᠢ ᠶᠢᠨ ᠶᠡᠷᠦᠩᠬᠡᠶᠢᠯᠡᠭᠰᠡᠨ ᠣᠨ ᠤ ᠣᠶᠢᠯᠠᠪᠤᠷᠢ ᠶᠢᠨ ᠶᠠᠰᠤ ᠴᠢᠨᠠᠷ ᠢ ᠃
ᠭᠤᠷᠪᠠ᠂ ᠢᠯᠡᠳᠲᠡ ᠦᠷ᠎ᠡ ᠪᠦᠲᠦᠮᠵᠢ ᠣᠯᠵᠤ᠂ ᠠᠯᠤᠰ ᠬᠡᠳᠤ ᠶᠢᠨ ᠠᠴᠢ ᠬᠣᠯᠪᠣᠭᠳᠠᠯ ᠲᠠᠶ
︵ᠨᠢᠭᠡ︶ᠵᠣᠭᠰᠣᠴᠠ ᠪᠠᠨ ᠳᠡᠭᠡᠭᠰᠢᠯᠡᠭᠦᠯᠦᠨ ᠤᠩᠰᠢᠯᠭ᠎ᠠ ᠶᠢ ᠠᠳᠬᠤᠵᠤ ᠂ ᠨᠠᠶᠢᠷᠠᠭᠤᠯᠬᠤ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠯ ᠢ ᠃
︵ᠬᠣᠶᠠᠷ︶ᠡᠯᠪᠡᠭ ᠪᠠᠶᠠᠯᠢᠭ ᠬᠡᠯᠪᠡᠷᠢ ᠪᠡᠷ ᠶᠢ ᠠᠳᠬᠤᠵᠤ ᠂ ᠰᠠᠶᠢᠨ ᠰᠠᠶᠢᠬᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠃
︵ᠭᠤᠷᠪᠠ︶ᠰᠤᠷᠴᠤ ᠬᠡᠷᠡᠭᠯᠡᠬᠦ ᠶᠢ ᠤᠶᠠᠯᠳᠤᠭᠤᠯᠤᠨ ᠶᠢ ᠠᠳᠬᠤᠵᠤ ᠂ ᠣᠨ ᠤ ᠣᠶᠢᠯᠠᠪᠤᠷᠢ ᠨᠠᠶᠢᠷᠠᠭᠤᠯᠬᠤ ᠶᠠᠰᠤ ᠴᠢᠨᠠᠷ ᠢ ᠃
ᠳᠥᠷᠪᠡ ᠂ ᠬᠦᠷᠦᠯᠴᠡᠬᠦ ᠥᠬᠡᠶ ᠲᠠᠯ᠎ᠠ ᠪᠠᠨ ᠵᠥᠪ ᠢᠶᠡᠷ ᠦᠵᠡᠵᠦ ᠂ ᠰᠠᠶᠢᠵᠢᠷᠠᠭᠤᠯᠤᠨ
ᠣᠳᠣᠬᠠᠨ ᠳᠤ ᠥᠪᠥᠷ ᠮᠣᠩᠭᠣᠯ ᠤᠨ ᠭᠤᠷᠪᠠᠨ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠨᠡᠶᠢᠲᠡ 116 ᠪᠠᠶᠢᠵᠤ ᠂ ᠡᠭᠦᠨ ᠳᠦ ᠥᠪᠡᠷᠲᠡᠭᠡᠨ ᠵᠠᠰᠠᠬᠤ ᠣᠷᠣᠨ ᠤ ᠱᠠᠲᠦ ᠶᠢᠨ 1 ᠂ ᠠᠶᠢᠮᠠᠭ ᠬᠣᠲᠠ ᠶᠢᠨ ᠱᠠᠲᠦ ᠶᠢᠨ 12 ᠂ ᠬᠣᠰᠢᠭᠤ ᠰᠢᠶᠠᠨ ᠤ ᠱᠠᠲᠤᠨ ᠤ 103 ᠂ ᠲᠢᠩᠬᠢᠮ ᠲᠣᠪᠴᠢᠶ᠎ᠠ ᠵᠢᠴᠢ ᠠᠵᠤ ᠠᠬᠤᠶᠢᠯᠠᠯ ᠠᠵᠢᠯ ᠦᠶᠯᠡᠰ ᠦᠨ ᠨᠢᠭᠡᠴᠡ ᠶᠢᠨ ᠢᠯᠡ ᠪᠡᠷ ᠬᠡᠪᠯᠡᠭᠦᠯᠦᠭᠰᠡᠨ ᠲᠤᠰᠬᠠᠶ ᠮᠡᠷᠭᠡᠵᠢᠯ ᠦᠨ ᠣᠨ ᠤ ᠣᠶᠢᠯᠠᠪᠤᠷᠢ 20 ᠭᠠᠷᠤᠶ ᠪᠣᠶ ᠃ ᠡᠨᠡ ᠵᠢᠯ ᠦᠨ ᠪᠥᠬᠥ ᠣᠷᠣᠨ ᠤ ᠣᠨ ᠤ ᠣᠶᠢᠯᠠᠪᠤᠷᠢ ᠨᠠᠶᠢᠷᠠᠭᠤᠯᠤᠨ ᠪᠢᠴᠢᠬᠦ ᠭᠤᠷᠪᠠᠳᠤᠭᠠᠷ ᠤᠯᠠᠷᠢᠯ ︵9 ᠰᠠᠷ᠎ᠠ ᠶᠢᠨ 25 ᠤ ᠡᠳᠦᠷ ︶ ᠤᠨ ᠪᠠᠶᠢᠳᠠᠯ ᠠᠴᠠ ᠦᠵᠡᠪᠡᠯ ᠂ 12 ᠠᠶᠢᠮᠠᠭ ᠬᠣᠲᠠ ᠶᠢᠨ ᠳᠣᠲᠣᠷ᠎ᠠ ᠨᠠᠶᠢᠷᠠᠭᠤᠯᠤᠨ ᠬᠡᠪᠯᠡᠭᠦᠯᠬᠦ ᠱᠠᠲᠦ ᠦᠶ᠎ᠡ ᠳᠤ ᠤᠷᠤᠭᠰᠠᠨ ᠨᠢ 5 ᠪᠠᠶᠢᠵᠤ ᠂ 7 ᠠᠶᠢᠮᠠᠭ ᠬᠣᠲᠠ ᠮᠥᠨ ᠬᠦ ᠨᠠᠶᠢᠷᠠᠭᠤᠯᠤᠨ ᠪᠢᠴᠢᠬᠦ ᠡᠭᠦᠷᠭᠡ ᠪᠡᠨ ᠪᠡᠶᠡᠯᠡᠭᠦᠯᠦᠭᠡᠳᠦᠶ ᠪᠠᠶᠢᠨ᠎ᠠ᠃ 103 ᠬᠣᠰᠢᠭᠤ ᠰᠢᠶᠠᠨ ︵ ᠬᠣᠲᠠ ᠂ ᠲᠣᠭᠣᠷᠢᠭ ︶ ᠤ ᠳᠣᠲᠣᠷ᠎ᠠ ᠂ ᠨᠠᠶᠢᠷᠠᠭᠤᠯᠤᠨ ᠪᠢᠴᠢᠬᠦ ᠠᠵᠢᠯ ᠢ ᠪᠡᠶᠡᠯᠡᠭᠦᠯᠦᠭᠡᠳ ᠬᠡᠪᠯᠡᠭᠦᠯᠬᠦ ᠱᠠᠲᠦ ᠦᠶ᠎ᠡ ᠳᠤ ᠤᠷᠤᠭᠰᠠᠨ ᠨᠢ 34 ᠪᠠᠶᠢᠵᠤ ᠂ 69 ᠨᠢ ᠨᠠᠶᠢᠷᠠᠭᠤᠯᠤᠨ ᠪᠢᠴᠢᠬᠦ ᠡᠭᠦᠷᠭᠡ ᠪᠡᠨ ᠬᠠᠷᠠᠬᠠᠨ ᠪᠡᠶᠡᠯᠡᠭᠦᠯᠦᠭᠡᠳᠦᠶ ᠪᠠᠶᠢᠭᠰᠠᠭᠠᠷ ᠃