ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ᠬᠥᠬᠡᠬᠣᠲᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ
ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ ᠬᠥᠬᠡᠬᠣᠲᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ

ᠨᠠᠮ ᠤᠨ ᠬᠣᠷᠢᠳᠤᠭᠠᠷ ᠶᠡᠬᠡ ᠬᠤᠷᠠᠯ ᠢᠯᠠᠯᠲᠠ ᠲᠠᠶ ᠪᠠᠷ ᠬᠤᠷᠠᠯᠳᠤᠭᠰᠠᠨ ᠤ ᠳᠠᠷᠠᠭ᠎ᠠ ᠂ ᠬᠥᠬᠡᠬᠣᠲᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠤᠨ ᠬᠢᠨ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠣᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠡᠨ ᠪᠣᠯᠭᠠᠵᠤ ᠂ ᠢᠳᠡᠪᠬᠢᠲᠡᠢ ᠪᠡᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠬᠢᠵᠢᠭ ᠦᠨ ᠪᠠᠶᠢᠳᠠᠯ ᠲᠠᠶ ᠤᠶᠠᠯᠳᠤᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠲᠦᠷᠦᠯ ᠦᠨ ᠰᠤᠷᠤᠯᠴᠠᠬᠤ ᠲᠠᠪᠴᠠᠩ ᠢ ᠢᠳᠡᠪᠬᠢᠲᠡᠢ ᠥᠷᠭᠡᠳᠬᠡᠵᠦ᠂ ᠤᠯᠠᠨ ᠵᠦᠢᠯ ᠦᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠶᠢ ᠨᠠᠢᠳᠠᠪᠤᠷᠢᠵᠢᠭᠤᠯᠵᠤ ᠃
10 ᠳ᠋ᠤᠭᠠᠷ ᠰᠠᠷ᠎ᠠ ᠶᠢᠨ 26 ᠤ ᠡᠳᠦᠷ ᠂ ᠬᠥᠬᠡᠬᠣᠲᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ ᠱᠠᠭᠠᠷᠳᠠᠯᠭ᠎ᠠ ᠶᠣᠰᠣᠭᠠᠷ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠶ ᠪᠠᠶᠢᠳᠠᠯ ᠲᠠᠶ ᠤᠶᠠᠯᠳᠤᠭᠤᠯᠤᠨ ᠂ ᠨᠠᠮ ᠤᠨ ᠡᠭᠦᠷ ᠦᠨ 19 ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠠᠷᠠᠭᠠᠨ ᠳᠠᠪᠲᠠᠮᠵᠢ ᠶᠢᠨ ᠬᠤᠷᠠᠯ ᠢ ᠬᠤᠷᠠᠯᠳᠤᠭᠤᠯᠵᠤ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠂ ᠬᠣᠲᠠ ᠶᠢᠨ ᠨᠠᠮ ᠤᠨ ᠬᠣᠷᠢᠶ᠎ᠠ ᠶᠢᠨ ᠬᠠᠮᠢᠶ᠎ᠠ ᠪᠥᠬᠥᠶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠸᠱᠯᠠᠭᠤᠯᠪᠠ ᠃ ᠬᠣᠲᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ ᠤᠨ ᠨᠠᠮ ᠤᠨ ᠡᠭᠦᠷ ᠦᠨ ᠱᠦᠵᠢ ᠂ ᠡᠷᠬᠢᠯᠡᠭᠴᠢ ᠢᠦᠶ ᠬᠣᠩ ᠵᠢᠶᠠᠨ ᠬᠤᠷᠠᠯ ᠢ ᠡᠷᠭᠢᠯᠡᠵᠦ ᠂ ᠶᠢᠨ ᠪᠥᠬᠥ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠣᠷᠣᠯᠴᠠᠵᠠᠶ ᠃ ᠸᠢᠳᠢᠣ᠋ ᠬᠤᠷᠠᠯ ᠳᠡᠭᠡᠷ᠎ᠡ᠂ ᠢᠦᠢ ᠬᠣᠩ ᠵᠢᠶᠠᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠋ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠡᠮᠦᠨ᠎ᠡ ᠡᠴᠡ ᠬᠢᠭᠰᠡᠨ ᠠᠵᠢᠯ ᠤᠨ ᠢᠯᠡᠳᠭᠡᠯ ᠢ ᠬᠠᠮᠲᠤᠪᠠᠷ ᠰᠤᠷᠤᠯᠴᠠᠵᠤ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠬᠣᠲᠠ ᠶᠢᠨ ᠨᠠᠮ ᠤᠨ ᠬᠣᠷᠢᠶᠠᠨ ᠤ ᠺᠠᠳ᠋ᠷᠴᠤᠳ ᠤᠨ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃