ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ᠤᠯᠠᠭᠠᠨᠴᠠᠪ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ
ᠣᠷᠣᠨ ᠨᠤᠲᠤᠭ ᠤᠨ ᠣᠶᠢᠯᠠᠯᠭ᠎ᠠ ᠶᠢᠨ ᠬᠢᠨ ᠦ ᠬᠢᠵᠢᠭ ᠲᠠᠢ ᠨᠢ ︵ ᠳᠥᠷᠪᠡ ︶ᠤᠯᠠᠭᠠᠨᠴᠠᠪ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠬᠢᠨ ᠰᠢᠨ᠎ᠡ ᠠᠭᠤᠰᠬᠢᠨ ᠦᠷᠪᠢᠰᠦᠯ ᠬᠢᠵᠢᠭ ᠦᠨ ᠪᠠᠶᠢᠳᠠᠯ ᠢ ᠡᠰᠡᠷᠭᠦᠴᠡᠬᠦ ᠠᠵᠢᠯᠯᠠᠭ᠎ᠠ ᠳᠤ ᠣᠷᠣᠯᠴᠠᠪᠠ

ᠤᠯᠠᠭᠠᠨᠴᠠᠪ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠤᠨ ᠠᠵᠢᠯᠲᠠᠳ ᠪᠥᠭᠡᠮ ᠬᠦᠴᠢᠯ ᠦᠨ ᠦᠯᠢᠭᠡᠷ ᠴᠤᠭᠯᠠᠭᠤᠯᠬᠤ ᠰᠠᠶᠢᠨ ᠳᠤᠷ᠎ᠠ ᠶᠢᠨ ᠠᠵᠢᠯᠯᠠᠭᠰᠠᠳ ᠪᠣᠯᠬᠤ ᠪᠠᠷ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠵᠦ ᠂ ᠪᠣᠯᠪᠠᠰᠤᠷᠠᠭᠤᠯᠤᠯ ᠢᠶᠠᠷ ᠳᠡᠮᠵᠢᠨ ᠪᠥᠭᠡᠮ ᠬᠦᠴᠢᠯ ᠤᠨ ᠦᠯᠢᠭᠡᠷ ᠴᠤᠭᠯᠠᠭᠤᠯᠬᠤ ᠠᠵᠢᠯ ᠳᠤ ᠣᠷᠣᠯᠴᠠᠵᠠᠭᠠᠵᠠᠢ ᠃ ᠡᠭᠦᠨ ᠦ ᠬᠠᠮᠲᠤ ᠨᠡᠶᠢᠭᠡᠮ ᠲᠣᠭᠣᠷᠢᠭ ᠤᠨ ᠵᠢᠵᠢᠭᠦᠷᠯᠡᠨ ᠰᠠᠬᠢᠬᠤ ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠬᠤ ᠠᠵᠢᠯ ᠳᠤ ᠣᠷᠣᠯᠴᠠᠪᠠ ᠃

《ᠬᠢᠵᠢᠭ ᠦᠨ ᠪᠠᠶᠢᠳᠠᠯ ᠤᠨ ᠢᠯᠠᠯᠲᠠ ᠶᠢ ᠤᠯᠬᠤ ᠬᠡᠷᠡᠭᠲᠡᠢ᠂ ᠰᠤᠷᠤᠯᠴᠠᠯᠭ᠎ᠠ ᠶᠢ ᠵᠣᠭᠰᠣᠭᠠᠵᠤ ᠪᠣᠯᠬᠤ ᠦᠭᠡᠢ》︱ ᠵᠢᠨᠢᠩ ᠲᠣᠭᠣᠷᠢᠭ ᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠤᠨ ᠬᠢᠨ《ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ》ᠵᠢᠨ ᠰᠤᠷᠤᠯᠴᠠᠯᠭ᠎ᠠ ᠶᠢ ᠥᠷᠨᠢᠭᠦᠯᠵᠦ᠂ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠃ 10 ᠳ᠋ᠤᠭᠠᠷ ᠰᠠᠷ᠎ᠠ ᠶᠢᠨ 24 ᠦ ᠡᠳᠦᠷ ᠡᠴᠡ ᠨᠠᠰᠢ ᠂ ᠬᠢᠵᠢᠭ ᠦᠨ ᠪᠠᠶᠢᠳᠠᠯ ᠤᠨ ᠨᠥᠯᠥᠭᠡ ᠡᠴᠡ ᠪᠣᠯᠵᠣ ᠂ ᠵᠢᠨᠢᠩ ᠲᠣᠭᠣᠷᠢᠭ ᠤᠨ ᠬᠢᠨ ᠰᠢᠨ᠎ᠡ ᠠᠭᠤᠰᠬᠢᠨ ᠦᠷᠪᠢᠰᠦᠯ ᠦᠨ ᠬᠢᠵᠢᠭ ᠦᠨ ᠪᠠᠶᠢᠳᠠᠯ ᠢ ᠪᠦᠬᠥᠨ ᠢᠶᠠᠷ ᠢᠶᠠᠨ ᠬᠣᠷᠢᠭᠯᠠᠨ ᠴᠣᠬᠢᠬᠤ ᠴᠢᠬᠤᠯᠠ ᠴᠠᠭ ᠦᠶ᠎ᠡ ᠳᠦ ᠣᠷᠣᠵᠤ ᠂ ᠵᠢᠨᠢᠩ ᠲᠣᠭᠣᠷᠢᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠪᠥᠬᠥ ᠠᠵᠢᠯᠲᠠᠨ ᠬᠢᠵᠢᠭ ᠲᠠᠢ ᠲᠡᠮᠡᠴᠡᠬᠦ ᠨᠢᠭᠡᠳᠦᠭᠡᠷ ᠹᠷᠥᠡᠲᠲᠤ ᠡᠷᠡᠯᠬᠡᠭᠯᠡᠨ ᠪᠠᠶᠢᠯᠳᠤᠪᠠ ᠃

ᠵᠦᠸᠧᠽᠢ ᠰᠢᠶᠠᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠬᠢᠨ ᠵᠦᠸᠧᠽᠢ ᠳᠤᠮᠳᠠᠳᠤ ᠰᠤᠷᠭᠠᠭᠤᠯᠢ ᠶᠢᠨ ᠬᠠᠭᠤᠴᠢᠨ ᠬᠡᠷ ᠪᠦᠯᠢ ᠶᠢᠨ ᠠᠰᠠᠷ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠭᠠᠭᠠᠴᠢᠯᠠᠨ ᠬᠠᠷᠢᠯᠴᠠᠵᠤ ᠂ 3 ᠠᠵᠢᠯᠲᠠᠨ ᠬᠢᠵᠢᠭ ᠦᠨ ᠰᠢᠯᠲᠠᠭᠠᠨ ᠠᠴᠠ ᠪᠣᠯᠵᠣ ᠲᠤᠰᠠᠭᠠᠷᠯᠠᠭᠤᠯᠤᠨ ᠬᠠᠮᠢᠶᠠᠷᠤᠭᠳᠠᠭᠰᠠᠨ ᠢ ᠭᠠᠷᠭᠠᠪᠠᠯ ᠂ ᠪᠤᠰᠤᠳ 5 ᠨᠥᠬᠥᠳ ᠪᠠᠭ᠎ᠠ ᠲᠣᠭᠣᠷᠢᠭ ᠤᠨ ᠨᠡᠶᠢᠲᠡ 46 ᠡᠷᠦᠬᠡ ᠰᠠᠭᠤᠭᠠᠯᠢ ᠠᠷᠠᠳ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠭᠦᠷᠭᠡᠯᠡᠭᠰᠡᠨ ᠪᠠᠶᠢᠨ᠎ᠠ ᠃

ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ ᠤ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠰᠠᠩ ᠤᠨ ᠬᠢᠨ ᠦᠳᠲᠡᠷ ᠲᠦᠷᠭᠡᠨ ᠴᠤᠤᠷᠢᠶᠠᠳᠤᠨ ᠠᠷᠭᠠᠴᠠᠵᠤ ᠂ ᠪᠥᠬᠥ ᠲᠠᠯ᠎ᠠ ᠪᠠᠷ ᠳᠠᠶᠢᠴᠢᠯᠠᠨ ᠪᠠᠶᠢᠷᠢᠯᠠᠭᠤᠯᠪᠠ ᠃ ᠠᠵᠢᠯᠲᠠᠳ ᠪᠥᠬᠥ ᠬᠣᠰᠢᠭᠤᠨ ᠤ ᠪᠥᠭᠡᠮ ᠬᠦᠴᠢᠯ ᠦᠨ ᠪᠠᠶᠢᠴᠠᠭᠠᠨ ᠰᠢᠯᠭᠠᠬᠤ ᠪᠠ ᠤᠰᠠᠳᠬᠠᠬᠤ ᠪᠣᠯᠪᠠᠰᠤᠷᠠᠯ ᠳᠤ ᠢᠳᠡᠪᠬᠢᠲᠡᠶ ᠣᠷᠣᠯᠴᠠᠵᠤ ᠂ ᠨᠢᠭᠡ ᠠᠵᠢᠯᠲᠠᠨ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠥᠡᠲᠤᠨ ᠴᠢᠩᠭᠡᠯᠢᠭ ᠡᠮᠨᠡᠯᠭᠡ ᠳᠦ ᠬᠦᠷᠴᠦ ᠲᠤᠰᠠᠯᠠᠬᠤ ᠪᠠᠷ ᠨᠡᠷ᠎ᠡ ᠮᠡᠳᠡᠭᠦᠯᠪᠡ ᠃
ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠬᠢᠨ ᠲᠣᠰ ᠡᠭᠡᠯᠵᠢ ᠶᠢᠨ ᠬᠢᠵᠢᠭ ᠦᠨ ᠪᠠᠶᠢᠳᠠᠯ ᠤᠨ ᠳᠤᠮᠳᠠ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠬᠤᠷᠠᠯ ᠢ ᠬᠠᠮᠤᠭ ᠤᠨ ᠲᠡᠷᠢᠭᠦᠨ ᠳᠦ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠦᠨ ᠳᠦ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ ᠃
10 ᠰᠠᠷ᠎ᠠ ᠶᠢᠨ 28 ᠤ ᠡᠳᠦᠷ ᠴᠠᠬᠠᠷ ᠪᠠᠷᠠᠭᠤᠨ ᠭᠠᠷᠤᠨ ᠬᠣᠶᠢᠲᠤ ᠬᠣᠰᠢᠭᠤᠨ ᠤ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠰᠠᠩ ᠤᠨ ᠠᠵᠢᠯᠲᠠᠳ ᠬᠥᠬᠡᠬᠣᠲᠠ ᠠᠴᠠ ᠪᠤᠴᠠᠵᠤ ᠢᠷᠡᠭᠰᠡᠨ ᠤᠶᠤᠲᠠᠳ ᠢ ᠪᠦᠷᠢᠳᠭᠡᠨ ᠳᠡᠩᠰᠡᠯᠡᠵᠦ ᠂ ᠨᠢᠭᠲᠠ ᠣᠢᠷᠠᠲᠤᠭᠰᠠᠳ ᠪᠢᠲᠡᠭᠦᠮᠵᠢᠯᠡᠨ ᠡᠵᠡᠮᠳᠡᠪᠡ ᠃
ᠬᠤᠸᠠᠳ᠋ᠸ ᠰᠢᠶᠠᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯᠲᠠᠳ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠥᠡᠲᠲᠤ ᠬᠦᠷᠦᠯᠴᠡᠵᠦ ᠂ ᠪᠥᠭᠡᠮ ᠬᠦᠴᠢᠯ ᠦᠨ ᠦᠯᠢᠭᠡᠷ ᠠᠪᠬᠤ ᠠᠵᠢᠯ ᠳᠤ ᠣᠷᠣᠯᠴᠠᠪᠠ᠃
ᠳᠥᠷᠪᠡᠳ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠠᠵᠢᠯᠲᠠᠳ ᠨᠡᠶᠢᠭᠡᠮ ᠲᠣᠭᠣᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠪᠥᠭᠡᠮ ᠬᠦᠴᠢᠯ ᠦᠨ ᠪᠠᠶᠢᠴᠠᠭᠠᠨ ᠬᠡᠮᠵᠢᠯᠲᠡ ᠬᠢᠵᠦ ᠂ ᠪᠥᠭᠡᠮ ᠬᠦᠴᠢᠯ ᠦᠨ ᠪᠠᠶᠢᠴᠠᠭᠠᠨ ᠬᠡᠮᠵᠢᠯᠲᠡ ᠶᠢᠨ ᠮᠡᠳᠡᠭᠡ ᠵᠠᠩᠭᠢ ᠶᠢᠨ ᠳᠡᠩᠰᠡᠯᠡᠯᠲᠡ ᠳᠦ ᠣᠷᠣᠯᠴᠠᠵᠠᠭᠠᠪᠠ ᠃ ᠡᠭᠦᠨ ᠦ ᠬᠠᠮᠲᠤ ᠤᠯᠤᠰ ᠤᠨ 209 ᠳ᠋ᠤᠭᠡᠷ ᠵᠠᠮ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠠᠭᠤᠯ ᠤᠨ ᠴᠡᠭ ᠲᠦ ᠵᠠᠰᠠᠮᠠᠯ ᠵᠠᠮ ᠤᠨ ᠵᠢᠵᠢᠭᠦᠷᠯᠡᠨ ᠰᠠᠬᠢᠬᠤ ᠠᠵᠢᠯ ᠳᠤ ᠣᠷᠣᠯᠴᠠᠵᠠᠭᠠᠪᠠ ᠃