ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ᠪᠤᠭᠤᠲᠤ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ
ᠣᠷᠣᠨ ᠨᠤᠲᠤᠭ ᠤᠨ ᠣᠶᠢᠯᠠᠯᠭ᠎ᠠ ᠶᠢᠨ ᠬᠢᠨ ᠬᠢᠵᠢᠭ ᠲᠠᠢ ᠨᠢ ︵ ᠬᠣᠶᠠᠷ ︶ᠪᠤᠭᠤᠲᠤ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠺᠠᠳ᠋ᠷᠴᠤᠳ ᠬᠠᠷᠢᠶ᠎ᠠ ᠭᠠᠵᠠᠷ ᠤᠨ ᠢᠶᠠᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠪᠠ

10 ᠳ᠋ᠤᠭᠠᠷ ᠰᠠᠷ᠎ᠠ ᠶᠢᠨ 6 ᠤ ᠡᠳᠦᠷ ᠂ ᠪᠤᠭᠤᠲᠤ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠤᠨ ᠭᠦᠸᠧ ᠭᠤᠸᠠᠩ ᠢᠦᠶ ᠳ᠋ᠦᠩᠾᠸ ᠲᠣᠭᠣᠷᠢᠭ ᠤᠨ ᠾᠧ ᠳ᠋ᠦᠩ ᠵᠡᠭᠡᠯᠢ ᠭᠤᠳᠤᠮᠵᠢ ᠶᠢᠨ ᠪᠢᠨ ᠢ ᠨᠡᠶᠢᠭᠡᠮ ᠲᠣᠭᠣᠷᠢᠭ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠦ ᠲᠤᠰᠠᠯᠠᠬᠤ ᠪᠠᠷ ᠣᠷᠣᠯᠴᠠᠵᠤ ᠂ ᠪᠥᠭᠡᠮ ᠬᠦᠴᠢᠯ ᠤᠨ ᠦᠯᠢᠭᠡᠷ ᠴᠤᠭᠯᠠᠭᠤᠯᠬᠤ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠷᠢᠭᠤᠴᠠᠪᠠ ᠃ ᠲᠣᠰ ᠡᠳᠦᠷ ᠂ ᠪᠤᠭᠤᠲᠤ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠤᠨ ᠪᠦᠦ ᠵᠢᠤᠢ ᠬᠤᠸᠠ ᠴᠢᠩ ᠶᠦᠨ ᠨᠡᠶᠢᠭᠡᠮ ᠲᠣᠭᠣᠷᠢᠭ ᠲᠤ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠭᠠᠯᠢ ᠠᠷᠠᠳ ᠤᠨ ᠦᠶᠯᠡᠴᠢᠯᠡᠭᠡᠨ ᠦ ᠠᠵᠢᠯ ᠳᠤ ᠣᠷᠣᠯᠴᠠᠪᠠ ᠃

9 ᠰᠠᠷ᠎ᠠ ᠶᠢᠨ 5 ᠤ ᠡᠳᠦᠷ ᠡᠴᠡ ᠡᠬᠢᠯᠡᠨ ᠬᠥᠨᠳᠡᠯᠡᠨ ᠲᠣᠭᠣᠷᠢᠭ ᠤᠨ ᠳᠠᠩᠰᠠ ᠡᠪᠬᠡᠮᠡᠯ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠤᠨ 6 ᠠᠵᠢᠯᠲᠠᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠣᠷᠢᠭ ᠲᠤ ᠬᠦᠷᠴᠦ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠵᠦ ᠂ 11 ᠰᠠᠷ᠎ᠠ ᠶᠢᠨ 6 ᠤ ᠡᠳᠦᠷ ᠪᠣᠯᠲᠠᠯ᠎ᠠ ᠪᠦᠬᠦ ᠨᠢᠭᠡᠴᠢ ᠶᠢᠨ ᠬᠢᠨ ᠪᠥᠭᠡᠮ ᠬᠦᠴᠢᠯ ᠦᠨ ᠪᠠᠶᠢᠴᠠᠭᠠᠨ ᠰᠢᠯᠭᠠᠬᠤ ᠪᠣᠯᠪᠠᠰᠤᠷᠠᠭᠤᠯᠤᠯ ᠳᠤ ᠣᠷᠣᠯᠴᠠᠭᠰᠠᠨ ᠤ ᠳᠠᠷᠠᠭ᠎ᠠ ᠤᠳᠤᠷᠢᠳᠤᠯᠭ᠎ᠠ ᠪᠣᠯᠤᠨ ᠪᠦᠬᠦ ᠠᠵᠢᠯᠲᠠᠳ ᠠᠵᠢᠯ ᠤᠨ ᠪᠠᠶᠢᠷᠢ ᠳᠤ ᠭᠠᠷᠴᠠᠶ ᠃

ᠴᠢᠩᠱᠠᠨ ᠲᠣᠭᠣᠷᠢᠭ ᠤᠨ ᠣᠷᠣᠨ ᠨᠤᠲᠤᠭ ᠤᠨ ᠣᠶᠢᠯᠠᠯᠭ᠎ᠠ ᠤᠨ ᠬᠢᠨ ᠤᠰᠤᠲᠤ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠠᠩᠭᠢ ᠵᠢᠴᠢ ᠬᠥᠬᠡᠬᠣᠲᠠ ᠠᠴᠠ ᠪᠤᠴᠠᠵᠤ ᠢᠷᠡᠭᠰᠡᠨ ᠣᠶᠤᠲᠠᠨ ᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠨᠢᠭᠡᠳᠦᠭᠡᠷ ᠹᠷᠥᠡᠲᠤᠨ ᠬᠢᠵᠢᠭ ᠢ ᠡᠰᠡᠷᠭᠦᠴᠡᠬᠦ ᠠᠵᠢᠯ ᠳᠤ ᠣᠷᠣᠯᠴᠠᠪᠠ᠃ 2 ᠠᠵᠢᠯᠲᠠᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠣᠷᠢᠭ ᠤᠨ ᠪᠥᠬᠥ ᠬᠦᠮᠥᠰ ᠦᠨ ᠪᠥᠭᠡᠮ ᠬᠦᠴᠢᠯ ᠦᠨ ᠪᠠᠶᠢᠴᠠᠭᠠᠨ ᠬᠡᠮᠵᠢᠯᠲᠡ ᠵᠢᠴᠢ ᠪᠠᠭ᠎ᠠ ᠲᠣᠭᠣᠷᠢᠭ ᠤᠨ ᠵᠢᠵᠢᠭᠦᠷᠯᠡᠨ ᠰᠠᠬᠢᠬᠤ ᠠᠵᠢᠯ ᠳᠤ ᠣᠷᠣᠯᠴᠠᠪᠠ ᠃

ᠳ᠋ᠦᠩᠾᠸ ᠲᠣᠭᠣᠷᠢᠭ ᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠤᠨ ᠨᠠᠮ ᠤᠨ ᠡᠭᠦᠷ ᠨᠢ ᠳᠡᠭᠡᠳᠦ ᠱᠠᠲᠤᠨ ᠤ ᠵᠠᠷᠯᠢᠭ ᠢ ᠬᠦᠯᠢᠶᠡᠨ ᠠᠪᠤᠭᠰᠠᠨ ᠤ ᠳᠠᠷᠠᠭ᠎ᠠ᠂ ᠲᠡᠷᠡ ᠳᠠᠷᠤᠢ ᠳᠤᠨᠢ ᠬᠡᠷᠡᠭ ᠡᠷᠬᠢᠯᠡᠬᠦ ᠭᠠᠵᠠᠷ ᠲᠠᠶ ᠵᠣᠯᠭᠠᠭᠤᠯᠵᠤ᠂ ᠪᠣᠳᠠᠲᠠᠢ ᠳᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠠᠬᠢ ᠰᠠᠭᠤᠭᠠᠯᠢ ᠠᠷᠠᠳ ᠲᠤ ᠪᠥᠭᠡᠮ ᠬᠦᠴᠢᠯ ᠦᠨ ᠰᠢᠯᠭᠠᠨ ᠪᠠᠶᠢᠴᠠᠭᠠᠯᠲᠠ ᠬᠢᠪᠡ᠃

ᠵᠢᠤᠶᠤᠸᠠᠨ ᠲᠣᠭᠣᠷᠢᠭ ᠤᠨ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ 2 ᠠᠵᠢᠯᠲᠠᠨ 10 ᠰᠠᠷ᠎ᠠ ᠶᠢᠨ 3 ᠤ ᠡᠳᠦᠷ ᠡᠴᠡ ᠡᠬᠢᠯᠡᠨ ᠵᠢᠤᠶᠤᠸᠠᠨ ᠲᠣᠭᠣᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠡᠶ ᠬᠠᠮᠲᠤ ᠪᠠᠷ ᠳᠠᠭᠠᠭᠠᠴᠢᠯᠠᠨ ᠬᠠᠷᠢᠯᠴᠠᠬᠤ ᠪᠠᠭ᠎ᠠ ᠲᠣᠭᠣᠷᠢᠭ ᠲᠤ ᠬᠦᠷᠴᠦ ᠣᠷᠣᠨ ᠪᠦᠰᠡ ᠶᠢᠨ ᠪᠥᠬᠥ ᠬᠦᠮᠥᠰ ᠦᠨ ᠪᠥᠭᠡᠮ ᠬᠦᠴᠢᠯ ᠦᠨ ᠪᠠᠶᠢᠴᠠᠭᠠᠨ ᠬᠡᠮᠵᠢᠯᠲᠡ ᠂ ᠵᠢᠵᠢᠭᠦᠷᠯᠡᠨ ᠰᠠᠬᠢᠬᠤ ᠵᠡᠷᠭᠡ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ ᠃ 10 ᠰᠠᠷ᠎ᠠ ᠶᠢᠨ 8 ᠤ ᠡᠳᠦᠷ ᠂ ᠵᠢᠤᠶᠤᠸᠠᠨ ᠲᠣᠭᠣᠷᠢᠭ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠭᠤᠶᠢᠯᠠᠩ ᠤᠨ ᠣᠷᠣᠨ ᠨᠤᠲᠤᠭ ᠤᠨ ᠣᠶᠢᠯᠠᠯᠭ᠎ᠠ ᠵᠣᠣ ᠵᠢᠶᠦ᠋ᠨ ᠮᠧᠶ ᠺᠠᠶ ᠶᠤᠸᠠᠨ ᠪᠠᠭ᠎ᠠ ᠲᠣᠭᠣᠷᠢᠭ ᠂ ᠶᠤᠸᠠᠨ ᠣᠯᠠᠨ ᠤᠯᠤᠰ ᠤᠨ ᠬᠣᠲᠠ ᠂ ᠵᠢᠨ ᠰᠢᠸ ᠰᠢᠨ ᠴᠧᠩ ᠪᠠᠭ᠎ᠠ ᠲᠣᠭᠣᠷᠢᠭ ᠲᠤ ᠬᠦᠷᠴᠦ ᠨᠡᠶᠢᠭᠡᠮ ᠲᠣᠭᠣᠷᠢᠭ ᠤᠨ ᠬᠡᠷ ᠲᠦᠨᠢ ᠬᠦᠷᠴᠦ ᠪᠢᠲᠡᠭᠦᠮᠵᠢᠯᠡᠬᠦ ᠬᠠᠭᠤᠳᠠᠰᠤ ᠨᠠᠭᠠᠬᠤ ᠵᠡᠷᠭᠡ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ ᠃

ᠲᠣᠭᠣᠷᠢᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ 9 ᠺᠠᠳ᠋ᠷ 9 ᠰᠠᠷ᠎ᠠ ᠶᠢᠨ 28 ᠤ ᠡᠳᠦᠷ ᠬᠥᠬᠡᠬᠣᠲᠠ ᠳᠤ ᠠᠩᠬᠠᠳᠠᠭᠴᠢ ᠨᠡᠶᠢᠭᠡᠮ ᠦᠨ ᠬᠡᠪᠴᠢᠶᠡᠨ ᠳᠦ ᠰᠢᠨ᠎ᠡ ᠬᠢᠵᠢᠭ ᠡᠪᠡᠳᠴᠢᠨ ᠦ ᠵᠢᠱᠢᠶ᠎ᠡ ᠭᠠᠷᠤᠭᠰᠠᠨ ᠠᠴᠠ ᠨᠠᠰᠢ ᠂ ᠪᠥᠬᠥ ᠬᠥᠮᠦᠰ ᠪᠠᠶᠢᠯᠳᠤᠭᠠᠨ ᠳᠤ ᠪᠡᠯᠡᠳᠬᠡᠬᠦ ᠪᠠᠶᠢᠳᠠᠯ ᠢ ᠢᠮᠠᠭᠲᠠ ᠪᠠᠷᠢᠮᠲᠠᠯᠠᠵᠤ ᠂ 10 ᠰᠠᠷ᠎ᠠ ᠶᠢᠨ 5 ᠤ ᠡᠳᠦᠷ ᠡᠴᠡ ᠡᠬᠢᠯᠡᠨ ᠳ᠋ᠡ ᠳ᠋ᠸ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢ ᠺᠠᠩ ᠪᠠᠭ᠎ᠠ ᠲᠣᠭᠣᠷᠢᠭ ᠲᠤ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠬᠢᠵᠦ ᠂ 10 ᠰᠠᠷ᠎ᠠ ᠶᠢᠨ 27 ᠤ ᠡᠳᠦᠷ ᠡᠴᠡ ᠡᠬᠢᠯᠡᠨ ᠨᠢᠭᠡ ᠬᠥᠮᠦᠨ ᠢ ᠰᠣᠩᠭᠣᠨ ᠥᠪᠥᠷ ᠮᠣᠩᠭᠣᠯ ᠤᠨ ᠠᠵᠤ ᠦᠶᠯᠡᠳᠪᠦᠷᠢ ᠶᠢᠨ ᠶᠡᠬᠡ ᠰᠤᠷᠭᠠᠭᠤᠯᠢ ᠶᠢᠨ ᠳᠠᠬᠢ ᠲᠤᠰᠠᠭᠠᠷᠯᠠᠬᠤ ᠴᠡᠭ ᠲᠦ ᠣᠴᠢᠭᠤᠯᠵᠤ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠣᠷᠣᠯᠴᠠᠭᠤᠯᠵᠠᠶ ᠃
ᠪᠠᠶᠠᠠᠠᠣᠪᠤᠭᠠ ᠠᠭᠤᠷᠬᠠᠶ ᠶᠢᠨ ᠲᠣᠭᠣᠷᠢᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠪᠥᠬᠥ ᠠᠵᠢᠯᠲᠠᠨ ᠂ ᠲᠣᠭᠣᠷᠢᠭ ᠤᠨ ᠨᠠᠮ ᠤᠨ ᠬᠣᠷᠢᠶ᠎ᠠ ᠂ ᠲᠣᠭᠣᠷᠢᠭ ᠤᠨ ᠵᠠᠰᠠᠭ ᠤᠨ ᠣᠷᠳᠣᠨ ᠤ ᠰᠢᠨ᠎ᠡ ᠠᠭᠤᠰᠬᠢᠨ ᠦᠷᠪᠢᠰᠦᠯ ᠦᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠶᠯ ᠦᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠪᠦᠬᠥᠨ ᠢᠶᠠᠷ ᠢᠶᠠᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠣᠷᠢᠭ ︱ ᠰᠢᠩ ᠭᠤᠸᠠᠩ ᠨᠡᠶᠢᠭᠡᠮ ᠲᠣᠭᠣᠷᠢᠭ ᠲᠤ ᠬᠦᠴᠦᠨ ᠨᠡᠮᠡᠷᠢᠯᠡᠪᠡ ᠃
ᠣᠶᠢᠷ᠎ᠠ ᠳᠤ ᠂ ᠲᠣᠭᠣᠷᠢᠭ ᠤᠨ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠰᠠᠩ ᠤᠨ ᠪᠥᠬᠥ ᠠᠵᠢᠯᠲᠠᠨ ᠳᠠᠭᠠᠭᠠᠴᠢᠯᠠᠨ ᠬᠠᠷᠢᠯᠴᠠᠬᠤ ᠰᠢᠩ ᠭᠤᠸᠠᠩ ᠨᠡᠶᠢᠭᠡᠮ ᠲᠣᠭᠣᠷᠢᠭ ᠤᠨ ᠶᠦᠨ ᠵᠢᠩ ᠮᠢᠩ ᠳ᠋ᠢ ᠪᠠᠭ᠎ᠠ ᠲᠣᠭᠣᠷᠢᠭ ᠲᠤ ᠬᠦᠷᠴᠦ ᠂ ᠪᠥᠬᠥ ᠬᠦᠮᠥᠰ ᠦᠨ ᠪᠥᠭᠡᠮ ᠬᠦᠴᠢᠯ ᠦᠨ ᠪᠠᠶᠢᠴᠠᠭᠠᠨ ᠬᠡᠮᠵᠢᠬᠦ ᠠᠵᠢᠯ ᠢ ᠣᠯᠠᠨ ᠤᠳᠠᠭ᠎ᠠ ᠥᠷᠨᠢᠭᠦᠯᠪᠡ ᠃
ᠲᠦᠮᠡᠳ ᠪᠠᠷᠠᠭᠤᠨ ᠬᠣᠰᠢᠭᠤᠨ ᠤ ᠣᠷᠣᠨ ᠨᠤᠲᠤᠭ ᠤᠨ ᠣᠶᠢᠯᠠᠯᠭ᠎ᠠ ᠤᠨ 2 ᠠᠵᠢᠯᠲᠠᠨ ᠲᠦᠮᠡᠳ ᠪᠠᠷᠠᠭᠤᠨ ᠬᠣᠰᠢᠭᠤᠨ ᠤ ᠨᠠᠮ ᠤᠨ ᠬᠣᠷᠢᠶᠠᠨ ᠤ ᠠᠯᠪᠠᠨ ᠬᠡᠷ ᠤᠨ ᠬᠢᠨ ᠲᠠᠢ ᠬᠠᠮᠲᠤ ᠪᠠᠷ ᠵᠢᠵᠢᠭᠦᠷᠯᠡᠨ ᠰᠠᠬᠢᠵᠠᠶ ᠃
ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠥᠪ ᠦᠨ 5 ᠠᠵᠢᠯᠲᠠᠨ 10 ᠰᠠᠷ᠎ᠠ ᠶᠢᠨ 7 ᠤ ᠡᠳᠦᠷ ᠡᠴᠡ ᠡᠬᠢᠯᠡᠨ ᠂ ᠬᠣᠰᠢᠭᠤᠨ ᠤ ᠨᠠᠮ ᠤᠨ ᠬᠣᠷᠢᠶᠠᠨ ᠤ ᠠᠯᠪᠠᠨ ᠬᠡᠷ ᠤᠨ ᠬᠢᠨ ᠲᠡᠶ ᠬᠠᠮᠲᠤ ᠪᠠᠷ ᠳᠠᠭᠠᠭᠠᠴᠢᠯᠠᠨ ᠬᠠᠷᠢᠯᠴᠠᠬᠤ ᠪᠠᠭ᠎ᠠ ᠲᠣᠭᠣᠷᠢᠭ ᠲᠤ ᠬᠦᠷᠴᠦ ᠣᠷᠣᠨ ᠪᠦᠰᠡ ᠶᠢᠨ ᠪᠥᠬᠥ ᠬᠦᠮᠥᠰ ᠦᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠂ ᠵᠢᠵᠢᠭᠦᠷᠯᠡᠨ ᠰᠠᠬᠢᠬᠤ ᠵᠡᠷᠭᠡ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ ᠃
ᠭᠦᠶᠡᠩ ᠰᠢᠶᠠᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠪᠥᠬᠥ ᠺᠠᠳ᠋ᠷ 10 ᠰᠠᠷ᠎ᠠ ᠶᠢᠨ 7 ᠤ ᠡᠳᠦᠷ ᠡᠴᠡ ᠡᠬᠢᠯᠡᠨ ᠭᠦᠶᠡᠩ ᠰᠢᠶᠠᠨ ᠤ ᠱᠦᠨ ᠢᠦᠶ ᠪᠠᠭ᠎ᠠ ᠲᠣᠭᠣᠷᠢᠭ ᠲᠤ ᠬᠦᠷᠴᠦ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠵᠢᠵᠢᠭᠦᠷᠯᠡᠨ ᠰᠠᠬᠢᠬᠤ ᠵᠡᠷᠭᠡ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠪᠠ ᠃