ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ

2022 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠸᠢᠳᠢᠣ᠋ ᠬᠤᠷᠠᠯ ᠬᠤᠷᠠᠯᠳᠤᠭᠤᠯᠵᠤ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠰᠤᠳᠤᠯᠤᠨ ᠶᠠᠷᠢᠯᠴᠠᠪᠠ ᠃ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠮᠸᠩ ᠹᠠᠩ ᠵᠢᠴᠢ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠵᠠᠢ᠃
ᠬᠤᠷᠠᠯ ᠨᠢ ᠰᠦᠯᠵᠢᠶᠡᠨ ᠳᠡᠭᠡᠷ᠎ᠡ ᠰᠤᠷᠪᠤᠯᠵᠢ ᠪᠢᠴᠢᠭ ᠦᠨ ᠪᠠᠷᠢᠮᠲᠠᠲᠤ ᠹᠢᠯᠢᠮ 《ᠳᠡᠯᠡᠬᠡᠢ ᠳ᠋ᠡᠬᠢᠨ ᠦ ᠬᠡᠷᠡᠭ ᠶᠠᠪᠤᠳᠠᠯ ᠤᠨ ᠤᠷᠲᠦ ᠤᠳᠠᠭᠠᠨ ᠤᠯᠠᠷᠢᠯ ᠬᠤᠪᠢᠰᠤᠯ》 ᠤᠨ ᠨᠠᠢᠮᠠᠳᠤᠭᠠᠷ ᠪᠦᠯᠦᠭ《ᠨᠠᠨᠴᠠᠩ ᠠᠴᠠ ᠰᠠᠨ ᠡᡁᠸ ᠪᠠ ᠬᠦᠷᠲᠡᠯ᠎ᠡ》ᠵᠢ ᠵᠣᠬᠢᠶᠠᠨ ᠪᠠᠢᠭᠤᠯᠤᠨ ᠲᠥᠪᠯᠡᠷᠡᠭᠦᠯᠦᠨ ᠂ ᠳᠤᠮᠳᠠᠳᠤ ᠤᠯᠤᠰ ᠤᠨ ᠡᠪ ᠬᠠᠮᠲᠤᠴᠤᠳ ᠤᠨ ᠨᠠᠨᠴᠠᠩ ᠤᠨ ᠪᠣᠰᠣᠯᠭ᠎ᠠ ᠶᠢ ᠤᠳᠤᠷᠢᠳᠤᠭᠰᠠᠨ ᠠᠴᠠ ᠠᠪᠤᠭᠠᠳ ᠴᠡᠷᠢᠭ ᠠᠩᠬᠢ ᠶᠢ ᠵᠢᠯᠣᠭᠣᠳᠤᠨ ᠰᠠᠨ ᠡᡁᠸ ᠪᠠ ᠳᠤ ᠴᠢᠰᠤᠨ ᠪᠠᠶᠢᠯᠳᠤᠭᠠᠨ ᠬᠢᠭᠰᠡᠨ ᠬᠦᠷᠲᠡᠯ᠎ᠡ᠂ ᠡᠴᠦᠰ ᠲᠡᠬᠡᠨ ᠴᠡᠷᠢᠭ ᠠᠩᠬᠢ ᠶᠢ ᠵᠢᠩᠭᠠᠩᠱᠠᠨ ᠳᠤ ᠳᠠᠭᠠᠭᠤᠯᠤᠨ ᠠᠪᠠᠴᠢᠭᠰᠠᠨ ᠭᠡᠷᠡᠯ ᠰᠠᠴᠤᠷᠠᠩᠭᠤᠢ ᠲᠡᠦᠬᠡ ᠶᠢ ᠰᠤᠷᠤᠯᠴᠠᠪᠠ᠃ ᠳᠠᠷᠠᠭ᠎ᠠ ᠳᠤᠨᠢ᠂ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠤᠳᠤᠷᠢᠳᠬᠤ ᠪᠠᠭ ᠵᠢᠴᠢ ᠡᠯ᠎ᠡ ᠭᠠᠵᠠᠷ ᠭᠡᠷ ᠤᠨ ᠬᠠᠷᠢᠭᠤᠴᠠᠯᠭᠠᠲᠠᠨ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠣᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠾᠧ ᠪᠢᠶᠤᠤ ᠡᠷᠬᠢᠯᠡᠭᠴᠢ ᠰᠤᠳᠤᠯᠤᠨ ᠶᠠᠷᠢᠯᠴᠠᠭᠰᠠᠨ ᠶᠠᠷᠢᠶ᠎ᠠ ᠶᠢ ᠳ᠋ᠦᠩᠨᠡᠪᠡ᠃
ᠬᠤᠷᠠᠯ ᠤᠨ ᠳᠠᠷᠠᠭ᠎ᠠ ᠂ ᠾᠧ ᠪᠢᠶᠤᠤ ᠡᠷᠬᠢᠯᠡᠭᠴᠢ ᠣᠶᠢᠷ᠎ᠠ ᠶᠢᠨ ᠬᠤᠭᠤᠴᠠᠭᠠᠨ ᠤ ᠭᠣᠸᠯᠳᠠᠯᠭ᠎ᠠ ᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ ᠃