ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ᠬᠥᠬᠡᠬᠣᠲᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ
ᠣᠷᠣᠨ ᠨᠤᠲᠤᠭ ᠤᠨ ᠣᠶᠢᠯᠠᠯᠭ᠎ᠠ ᠶᠢᠨ ᠬᠢᠨ ᠬᠢᠵᠢᠭ ᠲᠠᠢ ᠲᠡᠮᠡᠴᠡᠯᠡ ᠪᠠᠢᠭ᠎ᠠ ᠨᠢ ︵ ᠨᠢᠭᠡ ︶ ᠪᠡᠬᠢᠯᠡᠯᠲᠡ ᠪᠡᠨ ᠪᠡᠬᠢᠵᠢᠭᠦᠯᠵᠦ ᠠᠵᠢᠯ ᠤᠨ ᠪᠠᠶᠢᠷᠢ ᠪᠠᠨ ᠪᠠᠲᠤ ᠰᠠᠬᠢᠵᠤ ᠬᠠᠮᠲᠤ ᠶᠢᠨ ᠬᠡᠷ ᠣᠷᠣᠨ ᠢᠶᠠᠨ ᠰᠠᠬᠢᠨ ᠬᠠᠮᠠᠭᠠᠯᠠᠨ᠎ᠠ ︱ ᠬᠥᠬᠡᠬᠣᠲᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ ᠤᠨ ᠬᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠥᠬᠥ ᠬᠦᠴᠦᠨ ᠢᠶᠡᠷ ᠢᠶᠡᠨ ᠣᠷᠣᠯᠴᠠᠪᠠ

ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ᠂ ᠬᠥᠬᠡᠬᠣᠲᠠ ᠳᠤ ᠰᠢᠨ᠎ᠡ ᠳᠢᠳᠢᠮᠯᠢᠭ ᠠᠭᠤᠰᠬᠢᠨ ᠦᠷᠪᠢᠰᠥᠯ ᠦᠨ ᠬᠢᠵᠢᠭ ᠦᠨ ᠪᠠᠶᠢᠳᠠᠯ ᠭᠠᠷᠴᠤ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠣᠯᠪᠠ᠃ ᠪᠥᠬᠥ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠪᠠᠢᠢᠩᠭᠤᠵᠢᠭᠰᠠᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠣᠷᠢᠭ ᠵᠢᠴᠢ ᠰᠠᠭᠤᠭ᠎ᠠ ᠭᠠᠵᠠᠷ ᠤᠨ ᠨᠡᠶᠢᠭᠡᠮ ᠲᠣᠭᠣᠷᠢᠭ ᠲᠤ ᠭᠦᠨᠵᠡᠭᠡᠶᠢᠷᠡᠭᠦᠯᠦᠨ ᠂ ᠨᠡᠶᠢᠭᠡᠮ ᠲᠣᠭᠣᠷᠢᠭ ᠤᠨ ᠨᠢᠭᠡᠳᠦᠯᠲᠡᠶ ᠲᠣᠬᠢᠷᠠᠭᠤᠯᠤᠯᠲᠠ ᠶᠢ ᠡᠷᠡᠰ ᠳᠠᠭᠠᠵᠤ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠨ ᠥᠷᠨᠢᠭᠦᠯᠵᠦ ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠥᠬᠥ ᠬᠦᠴᠦᠨ ᠢᠶᠡᠷ ᠢᠶᠡᠨ ᠪᠠᠲᠤᠯᠠᠪᠠ ᠃


ᠬᠥᠬᠡᠬᠣᠲᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠤᠨ ᠤᠳᠤᠷᠢᠳᠬᠤ ᠪᠠᠭ ᠵᠢᠱᠢᠶᠡᠴᠢ ᠳᠠᠭᠠᠭᠤᠯᠬᠤ ᠦᠢᠯᠡᠳᠦᠯ ᠢᠶᠡᠨ ᠭᠦᠢᠴᠡᠳ ᠪᠠᠳᠠᠷᠠᠭᠤᠯᠵᠤ᠂ 10 ᠳ᠋ᠤᠭᠠᠷ ᠰᠠᠷ᠎ᠠ ᠶᠢᠨ 11 ᠋ ᠦ ᠡᠳᠦᠷ ᠡᠴᠡ ᠤᠳᠤ ᠪᠣᠯᠲᠠᠯ᠎ᠠ᠂ ᠬᠤᠳᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠤᠨ ᠭᠣᠣᠯ ᠤᠳᠤᠷᠢᠳᠤᠯᠭ᠎ᠠ ᠢᠳᠡᠪᠬᠢᠲᠡᠢ ᠵᠣᠬᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠣᠷᠢᠭ ᠲᠤ ᠣᠷᠣᠵᠤ᠂ ᠪᠢᠲᠡᠭᠦᠮᠵᠢᠲᠦ ᠬᠠᠮᠢᠶᠠᠷᠤᠯᠲᠠ ᠶᠢᠨ ᠵᠠᠷᠴᠢᠮ ᠢ ᠴᠢᠩᠭ᠎ᠠ ᠵᠢᠷᠤᠮᠯᠠᠵᠤ᠂ ᠨᠡᠶᠢᠭᠡᠮ ᠲᠣᠭᠣᠷᠢᠭ ᠤᠨ ᠠᠵᠢᠯᠲᠠᠳ ᠲᠠᠶ ᠬᠠᠮᠲᠤ ᠪᠠᠷ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠬᠦ ᠶᠢ ᠪᠠᠷᠢᠮᠲᠠᠯᠠᠪᠠ᠃


ᠬᠥᠬᠡᠬᠣᠲᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠤᠨ ᠨᠠᠮ ᠤᠨ ᠭᠡᠰᠢᠭᠦᠨ ᠺᠠᠳ᠋ᠷᠴᠤᠳ ᠪᠦᠷᠢ 5 ᠴᠠᠭ ᠭᠠᠷᠤᠢ ᠶᠢᠨ ᠦᠶ᠎ᠡ ᠪᠡᠷ ᠪᠣᠰᠴᠤ᠂ ᠥᠷᠯᠥᠭᠡ ᠶᠢᠨ 6 ᠴᠠᠭ ᠲᠤ ᠲᠣᠭᠲᠠᠭᠰᠠᠨ ᠴᠠᠭ ᠲᠠᠭᠠᠨ ᠠᠵᠢᠯ ᠤᠨ ᠪᠠᠶᠢᠷᠢ ᠳᠠᠭᠠᠨ ᠬᠦᠷᠴᠦ᠂ ᠨᠡᠶᠢᠭᠡᠮ ᠲᠣᠭᠣᠷᠢᠭ ᠪᠣᠯᠤᠨ ᠡᠮᠴᠢ ᠰᠤᠪᠢᠯᠠᠭᠴᠢᠳ ᠲᠤ ᠬᠠᠮᠵᠢᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠡᠮᠬᠢ ᠳᠢᠭᠯᠢᠮ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠣᠷᠢᠭ ᠤᠨ ᠬᠠᠷᠢᠶᠠᠨ ᠳᠠᠬᠢ 4 ᠪᠠᠭ᠎ᠠ ᠲᠣᠭᠣᠷᠢᠭ ᠤᠨ ᠡᠳ᠋ ᠪᠣᠳᠠᠰ ᠢ ᠵᠥᠭᠡᠭᠡᠪᠦᠷᠢᠯᠡᠬᠦ᠂ ᠤᠨ ᠭᠠᠵᠠᠷ ᠵᠢᠵᠢᠭᠦᠷᠯᠡᠨ ᠰᠠᠬᠢᠬᠤ ᠵᠡᠷᠭᠡ ᠡᠭᠦᠷᠭᠡ ᠶᠢ ᠡᠭᠦᠷᠭᠡᠯᠡᠪᠡ᠃ 50 ᠭᠠᠷᠤᠶ ᠨᠠᠰᠤᠲᠠᠶ ᠳᠡᠳ᠋ ᠡᠷᠬᠢᠯᠡᠭᠴᠢ ᠳᠠᠬᠢᠨᠲᠠ ᠰᠠᠨᠠᠭᠠᠴᠢᠯᠠᠭ᠎ᠠ ᠠᠴᠠ ᠪᠠᠨ ᠳᠠᠢᠯᠠᠯᠳᠤᠭᠠᠨ ᠳᠤ ᠣᠷᠣᠯᠴᠠᠬᠤ ᠪᠠᠷ ᠭᠤᠶᠤᠴᠢᠯᠠᠵᠤ ᠂ ᠠᠶᠤᠯ ᠲᠦᠭᠰᠢᠭᠦᠷᠢ ᠶᠡᠬᠡᠲᠡᠶ ᠪᠠ ᠲᠤᠰᠠᠭᠠᠷᠯᠠᠬᠤ ᠴᠡᠭ ᠦᠨ ᠬᠢᠵᠢᠭ ᠢ ᠰᠡᠷᠭᠡᠶᠢᠯᠡᠬᠦ ᠬᠠᠮᠤᠭ ᠤᠨ ᠡᠮᠦᠨ᠎ᠡ ᠹᠷᠥᠡᠲᠲᠤ ᠭᠠᠷᠬᠤ ᠪᠠᠷ ᠪᠣᠯᠪᠠ ᠃