ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ ︾ ︵ ᠠᠩᠬᠠᠨ ᠤ ᠨᠣᠸᠷᠠᠭ ︶ ᠳᠣᠲᠣᠭᠠᠳᠤ ᠬᠤᠷᠠᠯ ᠬᠤᠷᠠᠯᠳᠤᠪᠠ

2022 ᠣᠨ ᠤ 12 ᠰᠠᠷ᠎ᠠ ᠶᠢᠨ 19 ᠦ ᠡᠳᠦᠷ ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ 》 ︵ ᠠᠩᠬᠠᠨ ᠤ ᠨᠣᠸᠷᠠᠭ ︶ ᠶᠢᠨ ᠳᠣᠲᠣᠭᠠᠳᠤ ᠬᠤᠷᠠᠯ ᠬᠥᠬᠡᠬᠣᠲᠠ ᠳᠤ ᠬᠤᠷᠠᠯᠳᠤᠪᠠ ᠃ ᠳᠣᠲᠣᠭᠠᠳᠤ ᠳᠦ ᠪᠡᠨ ᠬᠢᠨᠠᠬᠤ ᠢ ᠰᠦᠯᠵᠢᠶᠡᠨ ᠦ ᠸᠢᠳᠢᠣ᠋ ᠬᠤᠷᠠᠯ ᠤᠨ ᠬᠡᠯᠪᠡᠷᠢ ᠪᠡᠷ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠂ ᠳᠡᠳ᠋ ᠡᠷᠬᠢᠯᠡᠭᠴᠢ ᠂ ᠮᠸᠩ ᠹᠠᠩ ᠂ ᠠᠶᠢᠮᠠᠭ ᠬᠣᠲᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠪᠥᠬᠥ ᠠᠵᠢᠯᠲᠠᠨ ᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ 》 ᠶᠢᠨ ᠨᠠᠶᠢᠷᠠᠭᠤᠯᠬᠤ ᠬᠡᠯᠲᠡᠰ ᠦᠨ ᠠᠵᠢᠯᠲᠠᠨ ᠨᠡᠶᠢᠲᠡ 10 ᠭᠠᠷᠤᠶ ᠬᠥᠮᠦᠨ ᠬᠤᠷᠠᠯ ᠳᠤ ᠣᠷᠣᠯᠴᠠᠵᠠᠶ ᠃ ᠮᠸᠩ ᠹᠠᠩ ᠬᠤᠷᠠᠯ ᠢ ᠡᠷᠭᠢᠯᠡᠪᠡ ᠃

ᠾᠧ ᠪᠢᠶᠤᠤ《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ》ᠵᠢ ᠨᠠᠶᠢᠷᠠᠭᠤᠯᠬᠤ ᠠᠵᠢᠯ ᠢ ᠭᠦᠢᠴᠡᠳ ᠨᠤᠲᠠᠯᠠᠵᠤ᠂ ᠡᠳᠦᠷᠵᠢᠨ ᠰᠥᠨᠢᠵᠢᠨ ᠰᠢᠷᠭᠠᠭᠤ ᠬᠠᠲᠠᠭᠤᠵᠢᠯᠲᠠᠢ ᠴᠢᠷᠮᠠᠶᠢᠵᠤ ᠪᠠᠶᠢᠭ᠎ᠠ ᠨᠠᠶᠢᠷᠠᠭᠤᠯᠤᠭᠴᠢ ᠴᠢᠩ ᠰᠡᠳᠬᠢᠯ ᠦᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠬᠢᠨᠠᠨ ᠲᠣᠭᠲᠠᠭᠠᠬᠤ ᠪᠠ ᠨᠠᠶᠢᠷᠠᠭᠤᠯᠬᠤ ᠠᠵᠢᠯ ᠳᠤ ᠪᠣᠳᠠᠲᠠᠢ ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠴᠠᠢ᠃

ᠬᠤᠷᠠᠯ ᠳᠡᠭᠡᠷ᠎ᠡ᠂《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ》ᠵᠢ ᠨᠠᠶᠢᠷᠠᠭᠤᠯᠬᠤ ᠬᠡᠯᠲᠡᠰ ᠦᠨ ᠬᠠᠷᠢᠭᠤᠴᠠᠯᠭᠠᠲᠠᠨ᠂ ᠥᠪᠥᠷ ᠮᠣᠩᠭᠣᠯ ᠤᠨ ᠲᠡᠦᠬᠡ ᠣᠶᠢᠯᠠᠯᠭ᠎ᠠ ᠶᠢᠨ ᠵᠠᠭᠤᠴᠢᠯᠠᠭᠤᠷ ᠤᠨ ᠨᠡᠶᠢᠭᠡᠮᠯᠢᠭ ᠦᠨ ᠳᠡᠳ᠋ ᠳᠠᠷᠤᠭ᠎ᠠ᠂ ᠨᠠᠷᠢᠨ ᠪᠢᠴᠢᠭ ᠦᠨ ᠳᠠᠷᠤᠭ᠎ᠠ ᠵᠤᠤ ᠭᠦᠸᠧ ᠴᠦᠨ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ》ᠵᠢ ᠨᠠᠶᠢᠷᠠᠭᠤᠯᠤᠨ ᠪᠢᠴᠢᠭᠰᠡᠨ ᠠᠴᠢ ᠬᠣᠯᠪᠣᠭᠳᠠᠯ᠂ ᠨᠠᠶᠢᠷᠠᠭᠤᠯᠤᠨ ᠪᠢᠴᠢᠭᠰᠡᠨ ᠲᠣᠳᠣᠷᠬᠠᠶᠢᠯᠠᠯᠲᠠ᠂ ᠨᠠᠶᠢᠷᠠᠭᠤᠯᠤᠨ ᠪᠢᠴᠢᠭᠰᠡᠨ ᠪᠠᠶᠢᠳᠠᠯ᠂ ᠤᠯᠠᠨ ᠢᠶᠠᠷ ᠢᠶᠠᠨ ᠵᠡᠷᠭᠡ ᠳᠦᠷᠪᠡᠨ ᠲᠠᠯ᠎ᠠ ᠪᠠᠷ ᠬᠠᠷᠢᠭᠤ ᠮᠡᠳᠡᠭᠦᠯᠦᠯᠲᠡ ᠬᠢᠵᠡᠢ᠃
ᠬᠤᠷᠠᠯ ᠳᠤ ᠣᠷᠣᠯᠴᠠᠭᠰᠠᠨ ᠳᠣᠲᠣᠭᠠᠳᠤ ᠲᠣᠰ ᠲᠣᠰ ᠡᠬ ᠪᠢᠴᠢᠭ ᠰᠲ᠋ᠢᠯᠢ ᠂ ᠠᠭᠤᠯᠭ᠎ᠠ ᠲᠡᠸᠬᠡ ᠶᠢᠨ ᠂ ᠲᠡᠮᠳᠡᠭᠯᠡᠯ ᠂ ᠪᠠᠷᠢᠮᠵᠢᠶ᠎ᠠ ᠂ ᠦᠨ ᠲᠡᠮᠳᠡᠭᠯᠡᠯ ᠵᠡᠷᠭᠡ ᠲᠠᠯ᠎ᠠ ᠪᠠᠷ ᠨᠠᠷᠢᠨ ᠬᠢᠨᠠᠮᠠᠭᠠᠶ ᠬᠢᠨᠠᠨ ᠳᠠᠭᠠᠤᠪᠦᠲᠦᠭᠡᠯᠴᠢ ᠴᠢᠨᠠᠷ ᠢᠶᠠᠷ ᠴᠢᠩᠭ᠎ᠠ ᠂ ᠴᠢᠨᠠᠷ ᠢᠶᠠᠷ ᠴᠢᠩᠭ᠎ᠠ ᠵᠠᠰᠠᠪᠤᠷᠢ ᠣᠷᠣᠭᠤᠯᠬᠤ ᠰᠠᠨᠠᠯ ᠢᠶᠠᠨ ᠳᠤᠷᠠᠳᠤᠭᠰᠠᠨ ᠪᠠᠶᠢᠨ᠎ᠠ ᠃ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ 》 ᠶᠢᠨ ᠮᠠᠲ᠋ᠧᠷᠢᠶᠠᠯ ᠨᠢ ᠨᠠᠷᠢᠨ ᠪᠣᠳᠠᠲᠠᠶ ᠪᠥᠭᠡᠳ ᠪᠠᠶᠠᠯᠢᠭ ᠂ ᠤᠨ ᠪᠠᠶᠢᠷᠢᠯᠠᠭᠤᠯᠤᠯᠲᠠ ᠨᠢ ᠣᠷᠣᠨ ᠨᠤᠲᠤᠭ ᠤᠨ ᠣᠶᠢᠯᠠᠯᠭ᠎ᠠ ᠶᠢᠨ ᠵᠠᠷᠴᠢᠮ ᠳᠤ ᠦᠨᠳᠦᠰᠦᠨ ᠳᠡᠭᠡᠨ ᠨᠡᠶᠢᠴᠡᠵᠦ ᠂ ᠲᠣᠪᠴᠢ ᠠᠪᠰᠠᠷᠬᠠᠨ ᠪᠥᠭᠡᠳ ᠤᠷᠤᠰᠤᠮ᠎ᠠ ᠂ ᠰᠠᠭᠤᠷᠢ ᠨᠢ ᠨᠡᠯᠢᠶᠡᠳ ᠰᠠᠶᠢᠨ ᠂ ᠶᠠᠰᠤ ᠴᠢᠨᠠᠷ ᠨᠢ ᠨᠡᠯᠢᠶᠡᠳ ᠰᠠᠶᠢᠨ ᠭᠡᠵᠦ ᠰᠠᠨᠠᠯ ᠨᠢᠭᠡᠲᠡᠶ ᠂ ᠳᠣᠲᠣᠭᠠᠳᠤ ᠺᠣᠮᠢᠰ ᠠᠴᠠ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ》 ᠶᠢ ᠪᠠᠲᠤᠯᠠᠬᠤ ᠪᠠᠷ ᠲᠣᠭᠲᠠᠵᠠᠶ ᠃
ᠬᠤᠷᠠᠯ ᠠᠴᠠ᠂《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠣᠶᠢᠯᠠᠯᠭ᠎ᠠ 》ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠴᠢᠬᠤᠯᠠ ᠲᠤᠰᠬᠠᠢ ᠰᠡᠳᠦᠪᠲᠦ ᠣᠶᠢᠯᠠᠯᠭ᠎ᠠ ᠪᠣᠯᠤᠨ᠎ᠠ᠂ ᠲᠡᠭᠦᠨ ᠢ ᠨᠠᠶᠢᠷᠠᠭᠤᠯᠤᠨ ᠪᠢᠴᠢᠬᠦ ᠨᠢ ᠴᠢᠬᠤᠯᠠ ᠪᠣᠳᠠᠲᠤ ᠠᠴᠢ ᠬᠣᠯᠪᠣᠭᠳᠠᠯ ᠪᠠ ᠲᠡᠦᠬᠡᠲᠦ ᠠᠴᠢ ᠬᠣᠯᠪᠣᠭᠳᠠᠯ ᠲᠠᠶ ᠶᠤᠮ᠂ ᠳᠠᠷᠠᠭᠠᠴᠢ ᠣᠶᠢᠯᠠᠯᠭ᠎ᠠ ᠶᠢᠨ ᠨᠤᠤᠷᠠᠭ ᠲᠤ ᠵᠠᠰᠠᠪᠤᠷᠢ ᠣᠷᠣᠭᠤᠯᠬᠤ ᠳᠠᠭᠠᠨ ᠳᠤᠯᠤᠭᠠᠨ ᠠᠰᠠᠭᠤᠳᠠᠯ ᠢ ᠠᠩᠬᠠᠷᠬᠤ ᠬᠡᠷᠡᠭᠲᠡᠢ ᠃