ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠤᠷᠪᠠᠳᠤᠭᠠᠷ ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ

2022 ᠣᠨ ᠤ 12 ᠳ᠋ᠤᠭᠠᠷ ᠰᠠᠷ᠎ᠠ ᠶᠢᠨ 16 ᠋ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠬ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠤᠷᠪᠠᠳᠤᠭᠠᠷ ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠣᠷᠣᠨ ᠨᠤᠲᠤᠭ ᠤᠨ ᠣᠶᠢᠯᠠᠯᠭ᠎ᠠ ᠲᠠᠰᠤᠬ ᠤᠨ ᠡᠷᠬᠢᠯᠡᠭᠴᠢ ᠾᠧ ᠪᠢᠶᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠮᠸᠩ ᠹᠠᠩ ᠵᠢᠴᠢ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠵᠠᠢ᠃
ᠬᠤᠷᠠᠯ ᠠᠴᠠ ᠡᠮᠦᠨ᠎ᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠳᠤᠬᠢᠷᠠᠭᠤᠯᠤᠯᠳᠠ ᠶᠣᠰᠣᠭᠠᠷ᠂ ᠲᠤᠯᠭᠤᠷ ᠪᠢᠴᠢᠭ ᠦᠨ ᠪᠠᠷᠢᠮᠲᠠᠲᠤ ᠹᠢᠯᠢᠮ《ᠳᠡᠯᠡᠬᠡᠢ ᠳ᠋ᠡᠬᠢᠨ ᠦ ᠬᠡᠷᠡᠭ ᠶᠠᠪᠤᠳᠠᠯ ᠤᠨ ᠤᠷᠲᠦ ᠤᠳᠠᠭᠠᠨ ᠤᠯᠠᠷᠢᠯ ᠬᠤᠪᠢᠰᠤᠯ》ᠵᠢᠨ ᠠᠷᠪᠠᠳᠤᠭᠠᠷ ᠪᠦᠯᠦᠭ《ᠰᠠᠨ ᠸᠠᠨ ᠠᠴᠠ ᠭᠦ᠋ ᠲᠢᠶᠠᠨ ᠬᠦᠷᠲᠡᠯ᠎ᠡ》ᠵᠢ ᠲᠥᠪᠯᠡᠷᠡᠭᠦᠯᠦᠨ ᠦᠵᠡᠬᠦ ᠠᠵᠢᠯ ᠢ ᠵᠣᠬᠢᠶᠠᠨ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨ ᠸᠠᠨ ᠳᠠᠬᠢ ᠥᠭᠡᠷᠡᠴᠢᠯᠡᠨ ᠪᠠᠶᠢᠭᠤᠯᠬᠤ ᠠᠴᠠ ᠠᠪᠤᠭᠠᠳ ᠭᠦ᠋ ᠲᠢᠶᠠᠨ ᠤ ᠬᠤᠷᠠᠯ ᠬᠦᠷᠲᠡᠯᠡᠬᠢ ᠰᠤᠷᠤᠯᠴᠠᠵᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠯᠤᠰ ᠳᠦᠷᠦ ᠪᠡᠷ ᠴᠡᠷᠢᠭ ᠪᠠᠶᠢᠭᠤᠯᠬᠤ ᠵᠠᠷᠴᠢᠮ ᠢ ᠲᠣᠭᠲᠠᠭᠠᠭᠰᠠᠨ ᠲᠡᠦᠬᠡ ᠶᠢ ᠬᠠᠶᠢᠨ ᠰᠦᠪᠡᠭᠴᠢᠯᠡᠪᠡ᠃ ᠳᠠᠷᠠᠭ᠎ᠠ ᠳᠤᠨᠢ᠂ ᠣᠷᠣᠨ ᠨᠤᠲᠤᠭ ᠤᠨ ᠣᠶᠢᠯᠠᠯᠭ᠎ᠠ ᠲᠠᠰᠤᠬ ᠤᠨ ᠭᠠᠵᠠᠷ ᠤᠨ ᠲᠡᠰ ᠠᠴᠠ ᠳᠣᠷᠣᠭᠰᠢᠬᠢ ᠨᠠᠮ ᠤᠨ ᠭᠡᠰᠢᠭᠦᠨ ᠺᠠᠳ᠋ᠷ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠣᠷᠢᠨ ᠳᠤ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃
ᠾᠧ ᠪᠢᠶᠤᠤ ᠡᠷᠬᠢᠯᠡᠭᠴᠢ ᠰᠤᠳᠤᠯᠤᠨ ᠶᠠᠷᠢᠯᠴᠠᠭᠰᠠᠨ ᠶᠠᠷᠢᠶ᠎ᠠ ᠶᠢ ᠳ᠋ᠦᠩᠨᠡᠪᠡ᠃