ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠲᠠᠯ᠎ᠠ ᠨᠤᠲᠤᠭ ᠤᠨ ᠲᠣᠷᠭᠠᠨ ᠵᠠᠮ ᠤᠨ ᠪᠢᠴᠢᠯ ᠬᠠᠷᠠᠭᠠᠨ ᠳᠠᠪᠲᠠᠮᠵᠢ ᠦᠶᠯᠡᠳᠬᠦ ᠲᠥᠷᠥᠯ ᠵᠦᠶᠯ ᠦᠨ ᠨᠢᠭᠡᠳᠦᠭᠡᠷ ᠪᠦᠯᠦᠭ ᠦᠨ ᠦᠷ᠎ᠡ ᠪᠦᠲᠦᠭᠡᠯ ᠢ ᠬᠢᠨᠠᠨ ᠰᠢᠯᠭᠠᠨ ᠠᠪᠬᠤ ᠬᠤᠷᠠᠯ ᠬᠢᠪᠠ

2022 ᠣᠨ ᠤ 12 ᠳ᠋ᠤᠭᠠᠷ ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠰᠦᠯᠵᠢᠶᠡᠨ ᠳᠡᠭᠡᠷᠡᠬᠢ ᠬᠠᠷᠠᠭᠠᠨ ᠳᠠᠪᠲᠠᠮᠵᠢ ᠶᠢᠨ ᠬᠡᠯᠪᠡᠷᠢ ᠪᠡᠷ ᠲᠠᠯ᠎ᠠ ᠨᠤᠲᠤᠭ ᠤᠨ ᠲᠣᠷᠭᠠᠨ ᠵᠠᠮ ᠤᠨ ᠪᠢᠴᠢᠯ ᠬᠠᠷᠠᠭᠠᠨ ᠳᠠᠪᠲᠠᠮᠵᠢ ᠦᠶᠯᠡᠳᠬᠦ ᠲᠥᠷᠥᠯ ᠵᠦᠶᠯ ᠦᠨ ᠨᠢᠭᠡᠳᠦᠭᠡᠷ ᠪᠦᠯᠦᠭ ᠦᠨ ᠦᠷ᠎ᠡ ᠪᠦᠲᠦᠭᠡᠯ ᠢ ᠬᠢᠨᠠᠨ ᠰᠢᠯᠭᠠᠨ ᠠᠪᠬᠤ ᠬᠤᠷᠠᠯ ᠬᠢᠪᠠ ᠃ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠵᠢᠴᠢ ᠲᠦᠷᠦᠯ ᠵᠦᠢᠯ ᠦᠨ ᠬᠠᠮᠢᠶ᠎ᠠ ᠪᠦᠬᠦᠢ ᠠᠵᠢᠯᠳᠠᠨ᠂ ᠲᠦᠷᠦᠯ ᠵᠦᠢᠯ ᠢ ᠰᠢᠯᠭᠠᠨ ᠠᠪᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ᠂ ᠳᠠᠪᠲᠠᠮᠵᠢᠲᠤ ᠦᠢᠯᠡᠳᠬᠦ ᠺᠣᠮᠫᠠᠨᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠤ᠂ ᠶᠡᠷᠦᠩᠬᠡᠶᠢᠯᠡᠭᠰᠡᠨ ᠭᠠᠵᠠᠷ ᠤᠨ ᠬᠠᠷᠢᠭᠤᠴᠠᠯᠭᠠᠲᠠᠨ ᠪᠢᠩ ᠱᠤᠸᠠᠩ ᠬᠤᠷᠠᠯ ᠢ ᠡᠷᠬᠢᠯᠡᠪᠡ᠃
ᠬᠤᠷᠠᠯ ᠳᠡᠭᠡᠷ᠎ᠡ ᠂ ᠴᠧᠨ ᠶᠦᠩ ᡁᠢ(ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠦᠽᠧᠶ ᠶᠢᠨ ᠳᠠᠷᠤᠭ᠎ᠠ )᠂ ᠸᠠᠩ ᠳ᠋ᠠ ᠹᠠᠩ︵ᠤᠯᠤᠰ ᠤᠨ ᠲᠡᠸᠬᠡ ᠶᠢᠨ ᠳᠤᠷᠠᠰᠬᠠᠯᠲᠤ ᠢ ᠬᠠᠮᠠᠭᠠᠯᠠᠬᠤ ᠲᠤᠰᠬᠠᠶ ᠮᠡᠷᠭᠡᠵᠢᠯᠲᠡᠨ ᠦ ᠳᠤᠭᠤᠶᠢᠯᠠᠩ ᠤᠨ ᠭᠡᠰᠢᠭᠦᠨ ᠂ ᠥᠪᠥᠷ ᠮᠣᠩᠭᠣᠯ ᠤᠨ ᠲᠡᠸᠬᠡ ᠶᠢᠨ ᠳᠤᠷᠠᠰᠬᠠᠯᠲᠤ ᠦᠨ ᠤ ᠨᠡᠶᠢᠭᠡᠮᠯᠢᠭ ᠦᠨ ᠳᠡᠳ᠋ ᠳᠠᠷᠤᠭ᠎ᠠ︶᠂ ᠵᠠᠩ ᠮᠸᠩ ᠰᠢᠶᠠ︵ᠥᠪᠥᠷ ᠮᠣᠩᠭᠣᠯ ᠤᠨ ᠷᠠᠳᠢᠣ᠋ ᠲᠧᠯᠸᠢᠰ ᠬᠣᠷᠢᠶ᠎ᠠ ᠶᠢᠨ ᠤᠸᠯ ᠤᠨ ᠶᠡᠷᠦᠩᠬᠡᠶ ᠬᠢᠨᠠᠭᠴᠢ︶᠂ ᠺᠠᠩ ᠵᠢᠶᠠᠨ ᠭᠦᠸᠧ︵ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ︶ᠵᠡᠷᠭᠡ ᠲᠥᠷᠥᠯ ᠵᠦᠶᠯ ᠢ ᠰᠢᠯᠭᠠᠨ ᠠᠪᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠣᠷᠣᠨ ᠨᠤᠲᠤᠭ ᠤᠨ ᠣᠶᠢᠯᠠᠯᠭ᠎ᠠ ᠂ ᠲᠡᠸᠬᠡ ᠂ ᠲᠡᠸᠬᠡ ᠶᠢᠨ ᠳᠤᠷᠠᠰᠬᠠᠯᠲᠤ ᠂ ᠺᠢᠨᠣ᠋ ᠲᠧᠯᠸᠢᠰ ᠦᠶᠯᠡᠳᠬᠦ ᠵᠡᠷᠭᠡ ᠣᠯᠠᠨ ᠲᠠᠯ᠎ᠠ 《ᠲᠠᠯ᠎ᠠ ᠨᠤᠲᠤᠭ ᠤᠨ ᠲᠣᠷᠭᠠᠨ ᠵᠠᠮ》 ᠤᠨ ᠳᠥᠷᠪᠡᠨ ᠪᠦᠯᠦᠭᠲᠦ ᠬᠠᠷᠠᠭᠠᠨ ᠳᠠᠪᠲᠠᠮᠵᠢ ᠂ ᠳᠡᠯᠭᠡᠷᠡᠭᠦᠯᠬᠦ ᠤᠬᠠᠭᠤᠯᠭ᠎ᠠ ᠶᠢᠨ ᠵᠣᠬᠢᠶᠠᠯ ᠵᠡᠷᠭᠡ ᠰᠢᠷᠢᠰ ᠦᠷ᠎ᠡ ᠪᠦᠲᠦᠭᠡᠯ ᠢ ᠬᠢᠨᠠᠨ ᠰᠢᠯᠭᠠᠨ ᠠᠪᠬᠤ ᠶᠢᠨ ᠬᠠᠮᠲᠤ ᠰᠤᠳᠤᠯᠭᠠᠨ ᠤ ᠬᠦᠷᠢᠶ᠎ᠡ ᠴᠠᠷᠠᠭ᠎ᠠ ᠳᠠᠭᠠᠨ ᠰᠠᠭᠤᠷᠢᠯᠠᠨ ᠪᠣᠳᠠᠲᠠᠶ ᠪᠥᠭᠡᠳ ᠶᠠᠪᠤᠭᠳᠠᠭᠤᠰᠢᠲᠠᠶ ᠵᠠᠰᠠᠪᠤᠷᠢ ᠣᠷᠣᠭᠤᠯᠬᠤ ᠰᠠᠨᠠᠭᠤᠯᠭ᠎ᠠ ᠃
ᠰᠢᠯᠭᠠᠨ ᠠᠪᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠳ ᠦᠨ ᠦᠵᠡᠬᠦ ᠪᠡᠷ ᠂ ᠲᠥᠷᠥᠯ ᠵᠦᠶᠯ ᠦᠨ ᠨᠢᠭᠡᠳᠦᠭᠡᠷ ᠪᠦᠯᠦᠭ ᠦᠨ ᠦᠷ᠎ᠡ ᠪᠦᠲᠦᠭᠡᠯ ᠦᠨ ᠠᠭᠤᠯᠭ᠎ᠠ ᠨᠢ ᠡᠯᠪᠡᠭ ᠪᠠᠶᠠᠯᠢᠭ ᠂ ᠭᠣᠸᠯ ᠰᠡᠳᠦᠪ ᠨᠢ ᠢᠯᠡ ᠲᠣᠳᠣ ᠂ ᠰᠡᠳᠬᠢᠮᠵᠢ ᠨᠢ ᠲᠣᠳᠣᠷᠬᠠᠶ ᠪᠠᠶᠢᠵᠤ ᠂ ᠲᠠᠯ᠎ᠠ ᠨᠤᠲᠤᠭ ᠤᠨ ᠲᠣᠷᠭᠠᠨ ᠵᠠᠮ ᠳᠤ ᠠᠭᠤᠯᠤᠭᠳᠠᠵᠤ ᠪᠠᠶᠢᠭ᠎ᠠ ᠲᠡᠸᠬᠡ ᠰᠣᠶᠣᠯ ᠤᠨ ᠦᠨ᠎ᠡ ᠥᠷᠲᠡᠭ ᠵᠢᠴᠢ ᠣᠲᠣ ᠦᠶ᠎ᠡ ᠶᠢᠨ ᠠᠵᠤ ᠠᠬᠤᠶ ᠨᠡᠶᠢᠭᠡᠮ ᠦᠨ ᠬᠥᠭᠵᠢᠯᠲᠡ ᠳᠦ ᠦᠵᠡᠭᠦᠯᠬᠦ ᠠᠯᠤᠰ ᠬᠡᠲᠦ ᠶᠢᠨ ᠨᠥᠯᠥᠭᠡ ᠶᠢ ᠨᠡᠯᠢᠶᠡᠳ ᠰᠠᠶᠢᠨ ᠢᠯᠡᠷᠡᠭᠦᠯᠵᠦ ᠂ ᠬᠢᠨᠠᠨ ᠲᠣᠭᠲᠠᠭᠠᠭᠰᠠᠨ ᠰᠠᠨᠠᠯ ᠤᠨ ᠶᠣᠰᠣᠭᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠦ ᠳᠠᠷᠠᠭ᠎ᠠ ᠳᠠᠷᠤᠶ ᠰᠢᠯᠭᠠᠨ ᠠᠪᠬᠤ ᠶᠢ ᠥᠩᠭᠡᠷᠡᠭᠡᠵᠦ ᠪᠣᠯᠤᠨ᠎ᠠ ᠃
ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠬᠢᠨ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠸᠱᠯᠠᠭᠤᠯᠤᠨ ᠨᠠᠶᠢᠳᠠᠪᠤᠷᠢᠵᠢᠭᠤᠯᠵᠤ ᠂ 《ᠲᠠᠯ᠎ᠠ ᠨᠤᠲᠤᠭ ᠤᠨ ᠲᠣᠷᠭᠠᠨ ᠵᠠᠮ 》 ᠤᠨ ᠳᠠᠪᠲᠠᠮᠵᠢᠲᠤ ᠦᠶᠯᠡᠳᠬᠦ ᠲᠥᠷᠥᠯ ᠵᠦᠶᠯ ᠢ ᠦᠷᠭᠦᠯᠵᠢᠯᠡᠨ ᠠᠬᠢᠭᠤᠯᠬᠤ ᠪᠣᠯᠤᠨ᠎ᠠ ᠃