ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠦᠬᠠᠶ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ
ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠤᠱᠯᠠᠭᠤᠯᠵᠤ ᠬᠢᠵᠢᠭ ᠢ ᠡᠰᠡᠷᠭᠦᠴᠡᠬᠦ ᠡᠮᠦᠨ᠎ᠡ ᠹᠷᠣᠨᠲ᠋ ᠲᠤ ᠣᠷᠣᠨ ᠨᠤᠲᠤᠭ ᠤᠨ ᠣᠶᠢᠯᠠᠯᠭ᠎ᠠ ᠶᠢᠨ ᠬᠥᠮᠦᠰ ᠦᠨ ᠬᠠᠷᠢᠭᠤᠴᠠᠯᠭ᠎ᠠ ᠶᠢ

ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ 2022 10 ᠰᠠᠷ᠎ᠠ ᠶᠢᠨ 16 ᠤ ᠡᠳᠦᠷ ᠡᠬᠢᠯᠡᠪᠡ᠃ ᠦᠬᠠᠢ ᠬᠤᠳᠠ ᠶᠢᠨ ᠳᠠᠨᠭᠰᠠ ᠡᠪᠬᠡᠮᠡᠯ ᠲᠡᠦᠬᠡ ᠣᠶᠢᠯᠠᠯᠭ᠎ᠠ ᠶᠢᠨ ᠪᠦᠬᠦ ᠠᠵᠢᠯᠲᠠᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠢ᠎ᠡ ᠵᠡᠷᠭᠡ ᠤᠯᠠᠨ ᠵᠦᠢᠯ ᠦᠨ ᠬᠡᠯᠪᠡᠷᠢ ᠪᠡᠷ ᠡᠬᠢᠯᠡᠯᠲᠡ ᠶᠢᠨ ᠬᠤᠷᠠᠯ ᠢ ᠢᠳᠡᠪᠬᠢᠲᠡᠢ ᠬᠦᠯᠢᠶᠡᠨ ᠠᠪᠴᠤ ᠦᠵᠡᠨ᠂ ᠶᠡᠷᠦᠩᠬᠡᠢ ᠱᠦᠵᠢ ᠰᠢ ᠶᠢᠨ ᠫᠢᠩ ᠋ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠡᠮᠦᠨ᠎ᠡ ᠡᠴᠡ ᠬᠢᠭᠰᠡᠨ ᠠᠵᠢᠯ ᠤᠨ ᠨᠠᠷᠢᠨ ᠬᠢᠨᠠᠮᠠᠭᠠᠢ ᠰᠣᠨᠣᠰᠴᠠᠢ᠃

ᠭᠡᠨᠡᠳᠲᠡ ᠡᠭᠦᠰᠦᠭᠰᠡᠨ ᠬᠢᠵᠢᠭ ᠦᠨ ᠪᠠᠶᠢᠳᠠᠯ ᠤᠨ ᠡᠮᠦᠨ᠎ᠡ᠂ ᠬᠤᠳᠠ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ ᠤᠨ ᠵᠠᠷᠯᠠᠯ ᠢ ᠣᠯᠤᠭᠰᠠᠨ ᠤ ᠲᠠᠷᠠᠭ᠎ᠠ᠂ ᠦᠬᠠᠢ ᠬᠤᠳᠠ ᠶᠢᠨ ᠲᠠᠨᠭᠰᠠ ᠡᠪᠬᠡᠮᠡᠯ ᠲᠡᠦᠬᠡ ᠣᠶᠢᠯᠠᠯᠭ᠎ᠠ ᠶᠢᠨ ᠤᠳᠤᠷᠢᠳᠬᠤ ᠪᠠᠭ ᠤᠨ ᠬᠢᠨ ᠦᠳᠲᠡᠷ ᠲᠦᠷᠭᠡᠨ ᠪᠠᠶᠢᠷᠢᠯᠠᠭᠤᠯᠵᠤ᠂ 11 ᠨᠠᠮ ᠤᠨ ᠭᠡᠰᠢᠭᠦᠨ ᠺᠠᠳ᠋ᠷ ᠵᠠᠷᠯᠢᠭ ᠤᠨ ᠳᠠᠭᠠᠤ ᠬᠥᠳᠡᠯᠦᠯᠴᠡᠵᠦ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠥᠡᠲᠲᠤ ᠣᠷᠣᠯᠴᠠᠵᠤ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠥᠡᠲᠢ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ᠂ ᠨᠠᠮᠴᠢ ᠴᠢᠨᠠᠷ ᠤᠨ ᠪᠣᠯᠪᠠᠰᠤᠷᠠᠯ ᠪᠠ ᠤᠯᠤᠰ ᠲᠦᠷᠦ ᠶᠢᠨ ᠰᠢᠯᠭᠠᠨ ᠪᠠᠶᠢᠴᠠᠭᠠᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠪᠠᠶᠢᠯᠳᠤᠭᠠᠨ ᠤ ᠲᠠᠯᠠᠪᠤᠷ ᠪᠣᠯᠭᠠᠪᠠ᠃