ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠤᠯᠠᠭᠠᠨᠴᠠᠪ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ
ᠤᠯᠠᠭᠠᠨᠴᠠᠪ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠬᠢᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ 10 ᠰᠠᠷ᠎ᠠ ᠶᠢᠨ 16-22 ᠤᠨ ᠡᠳᠦᠷ ᠪᠡᠭᠡᠵᠢᠩ ᠳᠦ ᠦᠪᠡᠳᠡᠭᠰᠢ ᠶᠡᠬᠡ ᠪᠡᠷ ᠬᠤᠷᠠᠯᠳᠤᠪᠠ᠃ ᠬᠢᠵᠢᠭ ᠦᠨ ᠪᠠᠶᠢᠳᠠᠯ ᠤᠨ ᠨᠥᠯᠥᠭᠡ ᠪᠡᠷ ᠂ ᠨᠠᠮ ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠲᠠᠰᠢᠷᠠᠮ ᠳᠤ ᠂ ᠤᠯᠠᠭᠠᠨᠴᠠᠪ ᠬᠣᠲᠠ ᠶᠢᠨ ᠵᠦᠸᠧᠽᠢ ᠰᠢᠶᠠᠨ ᠤ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠨᠠᠮ ᠤᠨ ᠡᠭᠦᠷ ᠡᠴᠡ ᠪᠥᠬᠥ ᠺᠠᠳ᠋ᠷ ᠠᠵᠢᠯᠲᠠᠨ ᠢ ᠬᠡᠷ ᠲᠡᠬᠡᠨ ᠨᠠᠮ ᠤᠨ ᠬᠣᠷᠢᠳᠤᠭᠠᠷ ᠶᠡᠬᠡ ᠬᠤᠷᠠᠯ ᠤᠨ ᠢᠯᠡᠳᠬᠡᠯ ᠢ ᠭᠥᠯᠢᠶᠡᠨ ᠠᠪᠴᠤ ᠶᠢᠨ ᠬᠠᠮᠲᠦ ᠬᠡᠷᠡᠯ ᠵᠢᠷᠤᠭ ᠢ ᠨᠢᠭᠡᠴᠢ ᠳᠡᠬᠡᠨ ᠳᠠᠮᠵᠢᠭᠤᠯᠤᠨ ᠬᠠᠳᠠᠭᠠᠯᠠᠭᠤᠯᠬᠤ ᠬᠡᠷᠡᠭᠲᠡᠶ ᠭᠡᠵᠦ ᠱᠠᠭᠠᠷᠳᠠᠪᠠ ᠃ 11 ᠰᠠᠷ᠎ᠠ ᠶᠢᠨ 14 ᠦ ᠡᠳᠦᠷ ᠂ ᠵᠦᠸᠧᠽᠢ ᠰᠢᠶᠠᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠤᠨ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠸᠢᠳᠢᠣ᠋ ᠪᠠᠷ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ ᠃ ᠲᠠᠷᠠᠭᠠᠴᠢ ᠬᠢᠵᠢᠭ ᠦᠨ ᠪᠠᠶᠢᠳᠠᠯ ᠰᠠᠶᠢᠵᠢᠷᠠᠬᠤ ᠦᠶ᠎ᠡ ᠳᠦ ᠵᠦᠸᠧᠽᠢ ᠰᠢᠶᠠᠨ ᠤ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠬᠢᠨ ᠭᠣᠸᠯ ᠰᠡᠳᠦᠪᠲᠦ ᠨᠠᠮ ᠤᠨ ᠬᠢᠴᠢᠶᠡᠯ ᠪᠡᠯᠡᠳᠬᠡᠵᠦ ᠤᠬᠠᠭᠤᠯᠤᠨ ᠲᠠᠶᠢᠯᠪᠤᠷᠢᠯᠠᠬᠤ ᠪᠠᠷ ᠪᠣᠶ ᠃

11 ᠰᠠᠷ᠎ᠠ ᠶᠢᠨ 14 ᠦ ᠡᠳᠦᠷ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠳᠤ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠸᠱᠯᠠᠭᠤᠯᠬᠤ ᠮᠡᠳᠡᠭᠦᠯᠦᠯᠲᠡ ᠶᠢᠨ ᠬᠤᠷᠠᠯ ᠂ ᠪᠥᠬᠥ ᠳᠤ ᠨᠠᠮ ᠤᠨ ᠬᠣᠷᠢᠳᠤᠭᠠᠷ ᠶᠡᠬᠡ ᠬᠤᠷᠠᠯ ᠤᠨ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠭᠠᠷᠭᠠᠪᠠ ᠃

11 ᠰᠠᠷ᠎ᠠ ᠶᠢᠨ 4 ᠦ ᠡᠳᠦᠷ ᠂ ᠱᠠᠩᠳᠤ ᠰᠢᠶᠠᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠨᠠᠮ ᠤᠨ ᠡᠭᠦᠷ 11 ᠰᠠᠷ᠎ᠠ ᠶᠢᠨ 《ᠭᠣᠸᠯ ᠰᠡᠳᠦᠪᠲᠦ ᠨᠠᠮ ᠤᠨ ᠡᠳᠦᠷ 》 ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠢᠯ ᠳᠤ ᠪᠠᠶᠢᠭ᠎ᠠ ᠨᠠᠮ ᠤᠨ ᠭᠡᠰᠢᠭᠦᠳ ᠠᠵᠢᠯᠯᠠᠭ᠎ᠠ ᠳᠤ ᠣᠷᠣᠯᠴᠠᠵᠠᠶ ᠃