ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠯᠠᠭ᠎ᠠ
ᠤᠯᠠᠭᠠᠨᠬᠠᠳᠠ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠬᠣᠷᠢᠳᠤᠭᠠᠷ ᠶᠡᠬᠡ ᠬᠤᠷᠠᠯ ᠤᠨ ᠰᠤᠷᠤᠯᠴᠠᠯᠭ᠎ᠠ ᠶᠢᠨ ᠶᠡᠬᠡ ᠣᠯᠤᠯᠲᠠ

2022 ᠣᠨ ᠤ 10 ᠰᠠᠷ᠎ᠠ ᠶᠢᠨ 16 ᠋ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠦᠪᠡᠳᠡᠭᠰᠢ ᠶᠡᠬᠡ ᠪᠡᠷ ᠬᠤᠷᠠᠯᠳᠤᠪᠠ᠃ ᠤᠯᠠᠭᠠᠨᠬᠠᠳᠠ ᠬᠤᠳᠠ ᠶᠢᠨ ᠳᠠᠨᠭᠰᠠ ᠡᠪᠬᠡᠮᠡᠯ ᠦᠨ ᠲᠡᠦᠬᠡ ᠣᠶᠢᠯᠠᠯᠭ᠎ᠠ ᠶᠢᠨ ᠦᠨ ᠬᠢᠨ ᠵᠣᠬᠢᠶᠠᠨ ᠰᠦᠯᠵᠢᠶᠡᠨ ᠳᠡᠭᠡᠷ᠎ᠡ ᠬᠣᠷᠢᠳᠤᠭᠠᠷ ᠶᠡᠬᠡ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠵᠦ᠂ ᠣᠷᠣᠨ ᠨᠤᠲᠤᠭ ᠤᠨ ᠣᠶᠢᠯᠠᠯᠭ᠎ᠠ ᠶᠢᠨ ᠰᠠᠯᠠᠭᠠᠨ ᠤ ᠭᠡᠷ ᠲᠡᠬᠡᠨ ᠦᠵᠡᠭᠰᠡᠨ ᠪᠥᠭᠡᠳ ᠣᠯᠤᠯᠲᠠ ᠲᠦᠷᠦᠭᠳᠡᠯ ᠢᠶᠡᠨ ᠪᠢᠴᠢᠪᠡ᠃ ᠬᠢᠵᠢᠭ ᠦᠨ ᠪᠠᠶᠢᠳᠠᠯ ᠳᠠᠭᠤᠰᠤᠭᠰᠠᠨ ᠤ ᠳᠠᠷᠠᠭ᠎ᠠ ᠂ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠰᠠᠩ ᠦᠨ ᠬᠢᠨ 10 ᠰᠠᠷ᠎ᠠ ᠶᠢᠨ 28 ᠤ ᠡᠳᠦᠷ ᠪᠠ 11 ᠰᠠᠷ᠎ᠠ ᠶᠢᠨ 4 ᠦ ᠡᠳᠦᠷ ᠲᠥᠪᠯᠡᠷᠡᠩᠭᠦᠶ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠂ ᠰᠠᠩ ᠤᠨ ᠤᠳᠤᠷᠢᠳᠤᠯᠭ᠎ᠠ ᠳᠠᠭᠠᠭᠤᠯᠤᠨ ᠰᠤᠷᠤᠯᠴᠠᠵᠤ ᠂ ᠰᠠᠩ ᠤᠨ ᠨᠠᠮ ᠤᠨ ᠭᠡᠰᠢᠭᠦᠨ ᠺᠠᠳ᠋ᠷᠴᠤᠳ ᠣᠯᠤᠯᠲᠠ ᠲᠥᠷᠥᠭᠳᠡᠯ ᠢᠶᠡᠨ ᠰᠣᠯᠢᠯᠴᠠᠪᠠ ᠃

ᠤᠢᠢᠷ᠎ᠠ ᠶᠢᠨ ᠡᠳᠦᠷ ᠦᠳ ᠲᠦ᠂ ᠤᠯᠠᠭᠠᠨᠬᠠᠳᠠ ᠬᠤᠳᠠ ᠶᠢᠨ ᠡᠯ᠎ᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠮᠵᠢ ᠳᠤ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠭᠠᠷᠪᠠ᠃ ᠬᠢᠵᠢᠭ ᠦᠨ ᠪᠠᠶᠢᠳᠠᠯ ᠲᠠᠬᠢᠨ ᠳᠠᠪᠲᠠᠨ ᠡᠭᠦᠰᠦᠭᠰᠡᠨ ᠡᠴᠡ ᠪᠣᠯᠵᠦ ᠤᠯᠠᠭᠠᠨᠬᠠᠳᠠ ᠬᠤᠳᠠ ᠶᠢᠨ ᠡᠯ᠎ᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠮᠵᠢ ᠶᠢᠨ ᠠᠵᠢᠯᠲᠠᠳ ᠭᠡᠷ ᠲᠡᠬᠡᠨ ᠬᠣᠷᠢᠳᠤᠭᠠᠷ ᠶᠡᠬᠡ ᠬᠤᠷᠠᠯ ᠢ ᠰᠣᠨᠢᠷᠬᠠᠬᠤ ᠶᠢᠨ ᠬᠠᠮᠲᠤ ᠬᠡᠪ ᠦᠨ ᠠᠵᠢᠯ ᠤᠨ ᠡᠮᠬᠢ ᠳᠢᠭᠯᠢᠮ ᠢ ᠰᠡᠷᠭᠦᠭᠡᠭᠰᠡᠨ ᠦ ᠲᠠᠷᠠᠭ᠎ᠠ ᠲᠥᠪᠯᠡᠷᠡᠭᠦᠯᠦᠨ ᠵᠣᠬᠢᠶᠠᠨ ᠪᠠᠶᠢᠭᠤᠯᠵᠤ ᠰᠤᠷᠤᠯᠴᠠᠪᠠ᠃