ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠬᠢᠩᠭᠠᠨ ᠠᠶᠢᠮᠠᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ
ᠬᠢᠩᠭᠠᠨ ᠠᠶᠢᠮᠠᠭ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠬᠢᠨ ︽ ᠬᠣᠷᠢᠳᠤᠭᠠᠷ ᠶᠡᠬᠡ ᠬᠤᠷᠠᠯ ︾ ᠢ ᠰᠤᠷᠤᠯᠴᠠᠨ ᠲᠤᠸᠱᠯᠠᠭᠤᠯᠬᠤ ᠬᠠᠯᠠᠭᠤᠨ ᠥᠷᠨᠢᠯᠲᠡ ᠭᠠᠷᠭᠠᠪᠠ

2022 10 ᠰᠠᠷ᠎ᠠ ᠶᠢᠨ 16 ᠋ ᠤ ᠡᠳᠦᠷ᠂ ᠬᠢᠩᠭᠠᠨ ᠠᠶᠢᠮᠠᠭ ᠤᠨ ᠪᠦᠬᠦ ᠠᠶᠢᠮᠠᠭ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠰᠢᠭᠤᠳ ᠨᠡᠪᠲᠡᠷᠡᠭᠦᠯᠭᠡ ᠶᠢ ᠲᠥᠪᠯᠡᠷᠡᠭᠦᠯᠦᠨ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠢ᠎ᠠ ᠶᠢ ᠲᠥᠯᠥᠭᠡᠯᠡᠨ ᠶᠡᠬᠡ ᠬᠤᠷᠠᠯ ᠳᠤ ᠬᠢᠭᠰᠡᠨ ᠨᠠᠷᠢᠨ ᠬᠢᠨᠠᠮᠠᠭᠠᠢ ᠰᠣᠨᠣᠰᠪᠠ᠃ ᠰᠣᠨᠣᠰᠤᠭᠰᠠᠨ ᠤ ᠳᠠᠷᠠᠭ᠎ᠠ ᠂ ᠤᠯᠠᠨ ᠢᠶᠠᠷ ᠢᠶᠠᠨ ᠶᠡᠬᠡᠳᠡ ᠵᠣᠷᠢᠭᠵᠢᠵᠤ᠂ ᠲᠤᠶᠢᠯ ᠢᠶᠠᠷ ᠤᠷᠮᠠᠰᠢᠨ ᠂ ᠢᠯᠡᠳᠬᠡᠯ ᠦᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠢᠯᠡᠳᠬᠡᠯ ᠳᠦ ᠳᠤᠷᠠᠳᠤᠭᠰᠠᠨ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ ᠪᠣᠯᠤᠨ ᠴᠢᠬᠤᠯᠠ ᠪᠠᠶᠢᠯᠳᠤᠬᠤ ᠪᠤᠳᠤᠯᠭ᠎ᠠ ᠶᠢ ᠰᠤᠷᠤᠯᠴᠠᠨ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠢᠯᠡᠳᠬᠡᠯ ᠦᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠣᠷᠣᠨ ᠨᠤᠲᠤᠭ ᠤᠨ ᠬᠥᠮᠦᠰ ᠦᠨ ᠡᠭᠦᠷᠭᠡᠯᠡᠯ ᠢ ᠢᠯᠡᠷᠡᠭᠦᠯᠵᠦ᠂ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

ᠬᠢᠩᠭᠠᠨ ᠠᠶᠢᠮᠠᠭ ᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠨᠢ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠣᠣᠯᠳᠠᠯᠭ᠎ᠠ ᠪᠣᠯᠭᠠᠵᠤ᠂ ᠤᠢᠢᠷ᠎ᠠ ᠶᠢᠨ ᠬᠤᠭᠤᠴᠠᠭᠠᠨ ᠳᠤ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠡᠢ᠃

10 ᠰᠠᠷ᠎ᠠ ᠶᠢᠨ 25 ᠤ ᠡᠳᠦᠷ ᠂ ᠵᠠᠯᠠᠶᠢᠳ ᠬᠣᠰᠢᠭᠤᠨ ᠤ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠬᠤᠷᠠᠯ ᠬᠤᠷᠠᠯᠳᠤᠭᠤᠯᠵᠤ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠸᠱᠯᠠᠭᠤᠯᠤᠨ ᠂ ᠶᠡᠷᠦᠩᠬᠡᠶ ᠱᠦᠵᠢ ᠰᠢ ᠶᠢᠨ ᠫᠢᠩ ᠵᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ ᠂ ᠰᠠᠨᠠᠭᠠᠨ ᠤ ᠰᠠᠭᠤᠷᠢ ᠪᠠᠨ ᠪᠡᠬᠢᠵᠢᠭᠦᠯᠵᠦ ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠡᠨ ᠵᠤᠵᠠᠭᠠᠳᠬᠠᠵᠤ ᠂ ᠨᠠᠮ ᠢᠶᠠᠨ ᠭᠤᠶᠢᠪᠢᠰᠢ ᠥᠬᠡᠶ ᠳᠠᠭᠠᠵᠤ ᠂ ᠬᠤᠷᠠᠯ ᠤᠨ ᠵᠣᠷᠢᠭ ᠰᠠᠨᠠᠭ᠎ᠠ ᠶᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠲᠠᠶ ᠤᠶᠠᠯᠳᠤᠭᠤᠯᠵᠤ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃ 10 ᠳ᠋ᠤᠭᠠᠷ ᠰᠠᠷ᠎ᠠ ᠶᠢᠨ 26 ᠤ ᠡᠳᠦᠷ ᠂ ᠤᠯᠠᠭᠠᠨᠬᠣᠲᠠ ᠶᠢᠨ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠨᠢ ᠪᠥᠬᠥ ᠺᠠᠳ᠋ᠷᠴᠤᠳ ᠤᠨ ᠬᠤᠷᠠᠯ ᠢ ᠬᠤᠷᠠᠯᠳᠤᠭᠤᠯᠬᠤ ᠶᠢᠨ ᠬᠠᠮᠲᠤ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠰᠤᠷᠤᠯᠴᠠᠵᠤ ᠤᠬᠠᠭᠤᠯᠤᠨ ᠲᠤᠸᠱᠯᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠂ ᠬᠤᠷᠠᠯ ᠠᠴᠠ ᠲᠤᠬᠠᠶᠢᠯᠠᠭᠰᠠᠨ ᠠᠵᠢᠯ ᠲᠠᠶ ᠪᠠᠨ ᠤᠶᠠᠯᠳᠤᠭᠤᠯᠤᠨ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠂ ᠰᠠᠶᠢᠲᠤᠷ ᠤᠬᠠᠭᠤᠯᠵᠤ ᠂ ᠰᠠᠶᠢᠲᠤᠷ ᠲᠤᠸᠱᠯᠠᠭᠤᠯᠵᠤ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ ᠂ ᠦᠶᠯᠡᠳᠦᠯᠭᠡ ᠪᠡᠨ ᠵᠢᠯᠣᠭᠣᠳᠣᠭᠤᠯᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠢᠯᠡᠳᠬᠡᠯ ᠢ ᠰᠠᠯᠭᠠᠵᠤ ᠬᠡᠰᠡᠭ ᠪᠣᠯᠭᠠᠨ ᠂ ᠭᠤᠷᠪᠠ ᠤᠳᠠᠭ᠎ᠠ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠵᠤ ᠂ ᠢᠯᠡᠳᠬᠡᠯ ᠢ ᠨᠡᠪᠲᠡᠷᠡᠲᠡᠯ᠎ᠡ ᠰᠤᠷᠴᠤ ᠣᠶᠢᠯᠠᠭᠠᠬᠤ ᠪᠠᠷ ᠴᠢᠷᠮᠠᠶᠢᠵᠠᠶ ᠃