ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠬᠣᠶᠠᠳᠠᠬᠢ ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ

2022 ᠣᠨ ᠤ 12 ᠳ᠋ᠤᠭᠠᠷ ᠰᠠᠷ᠎ᠠ ᠶᠢᠨ 9 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠬᠣᠶᠠᠳᠠᠬᠢ ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠹᠠᠩ ᠵᠢᠴᠢ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠵᠠᠢ᠃
ᠬᠤᠷᠠᠯ ᠠᠴᠠ ᠡᠮᠦᠨ᠎ᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠳᠤᠬᠢᠷᠠᠭᠤᠯᠤᠯᠳᠠ ᠶᠣᠰᠣᠭᠠᠷ᠂ ᠲᠤᠯᠭᠤᠷ ᠪᠢᠴᠢᠭ ᠦᠨ ᠪᠠᠷᠢᠮᠲᠠᠲᠤ ᠹᠢᠯᠢᠮ 《ᠳᠡᠯᠡᠬᠡᠢ ᠳ᠋ᠡᠬᠢᠨ ᠦ ᠬᠡᠷᠡᠭ ᠶᠠᠪᠤᠳᠠᠯ ᠤᠨ ᠤᠷᠲᠦ ᠤᠳᠠᠭᠠᠨ ᠤᠯᠠᠷᠢᠯ ᠬᠤᠪᠢᠰᠤᠯ》ᠵᠢᠨ ᠶᠢᠰᠦᠳᠦᠭᠡᠷ ᠪᠦᠯᠦᠭ《ᠯᠦᠸᠧ ᠰᠢᠶᠤᠤ ᠱᠠᠨ ᠠᠭᠤᠯᠠᠨ ᠳᠤ ᠨᠢ》 ᠲᠥᠪᠯᠡᠷᠡᠭᠦᠯᠦᠨ ᠦᠵᠡᠵᠤ᠂ ᠮᠠᠤ ᠳ᠋ᠦᠩ ᠵᠡᠷᠭᠡ ᠳᠤᠮᠳᠠᠳᠤ ᠤᠯᠤᠰ ᠤᠨ ᠡᠪ ᠬᠠᠮᠲᠤᠴᠤᠳ ᠤᠨ ᠶᠡᠬᠡ ᠬᠤᠪᠢᠰᠬᠠᠯ ᠢᠯᠠᠭᠳᠠᠭᠰᠠᠨ ᠤ ᠳᠠᠷᠠᠭ᠎ᠠ ᠵᠢᠩᠭᠠᠩᠱᠠᠨ ᠤ ᠬᠤᠪᠢᠰᠬᠠᠯ ᠤᠨ ᠰᠠᠭᠤᠷᠢᠨ ᠭᠠᠵᠠᠷ ᠢ ᠡᠭᠦᠰᠭᠡᠨ ᠪᠠᠶᠢᠭᠤᠯᠵᠤ᠂ ᠳᠤᠮᠳᠠᠳᠤ ᠤᠯᠤᠰ ᠤᠨ ᠬᠤᠪᠢᠰᠬᠠᠯ ᠤᠨ ᠰᠢᠨ᠎ᠡ ᠵᠠᠮ ᠢ ᠨᠡᠭᠡᠭᠡᠭᠰᠡᠨ ᠭᠡᠷᠡᠯ ᠰᠠᠴᠤᠷᠠᠩᠭᠤᠢ ᠲᠡᠦᠬᠡ ᠶᠢ ᠰᠤᠷᠤᠯᠴᠠᠪᠠ᠃ ᠳᠠᠷᠠᠭ᠎ᠠ ᠳᠤᠨᠢ᠂ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠳᠡᠳ᠋ ᠭᠠᠵᠠᠷ ᠤᠨ ᠳᠡᠰ ᠤᠨ ᠺᠠᠳ᠋ᠷᠴᠤᠳ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠣᠷᠢᠨ ᠳᠤ᠂ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠰᠤᠷᠤᠯᠴᠠᠵᠤ ᠰᠤᠳᠤᠯᠤᠨ ᠶᠠᠷᠢᠯᠴᠠᠵᠠᠭᠠᠪᠠ ᠃
ᠾᠧ ᠪᠢᠶᠤᠤ ᠡᠷᠬᠢᠯᠡᠭᠴᠢ ᠰᠤᠳᠤᠯᠤᠨ ᠶᠠᠷᠢᠯᠴᠠᠭᠰᠠᠨ ᠶᠠᠷᠢᠶ᠎ᠠ ᠶᠢ ᠳ᠋ᠦᠩᠨᠡᠪᠡ᠃
ᠬᠤᠷᠠᠯ ᠤᠨ ᠳᠠᠷᠠᠭ᠎ᠠ ᠂ ᠾᠧ ᠪᠢᠶᠤᠤ ᠡᠷᠬᠢᠯᠡᠭᠴᠢ ᠣᠶᠢᠷ᠎ᠠ ᠶᠢᠨ ᠬᠤᠭᠤᠴᠠᠭᠠᠨ ᠤ ᠭᠣᠸᠯᠳᠠᠯᠭ᠎ᠠ ᠲᠠᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ ᠂ 《ᠬᠣᠶᠠᠷ ᠡᠩ ᠲᠡᠷᠢᠭᠥᠨ 》 ᠦ ᠲᠤᠰᠬᠠᠶ ᠵᠦᠢᠯ ᠦᠨ ᠠᠵᠢᠯᠯᠠᠭ᠎ᠠ ᠶᠢ ᠬᠢᠨᠠᠮᠠᠭᠠᠶ ᠥᠷᠨᠢᠭᠦᠯᠬᠦ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ ᠃