ᠵᠤᠬᠢᠶᠠᠭᠴᠢ:
ᠴᠠᠭ:2022-12-30
ᠥᠵᠡᠭᠰᠡᠨ : ℃
ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠬᠥᠯᠥᠨ ᠪᠣᠶᠢᠷ ᠬᠣᠲᠠ ᠶᠢᠨ ︽ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠬᠤᠢ ᠰᠤᠮᠤ ᠶᠢᠨ ᠣᠶᠢᠯᠠᠯᠭ᠎ᠠ ︾ ︵ ︶ ᠶᠢ ᠬᠢᠨᠠᠨ ᠲᠣᠭᠲᠠᠭᠠᠬᠤ ᠬᠤᠷᠠᠯ ᠰᠦᠯᠵᠢᠶᠡᠨ ᠳᠡᠭᠡᠷ᠎ᠡ ᠬᠤᠷᠠᠯᠳᠤᠪᠠ

2022 ᠣᠨ ᠤ 12 ᠰᠠᠷ᠎ᠠ ᠶᠢᠨ 22 ᠤᠨ ᠡᠳᠦᠷ ᠂ 《ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠬᠤᠢ ᠰᠤᠮᠤ ᠶᠢᠨ ᠣᠶᠢᠯᠠᠯᠭ᠎ᠠ 》︵ ︶ ᠶᠢ ᠬᠢᠨᠠᠨ ᠲᠣᠭᠲᠠᠭᠠᠬᠤ ᠬᠤᠷᠠᠯ ᠰᠦᠯᠵᠢᠶᠡᠨ ᠳᠡᠭᠡᠷ᠎ᠡ ᠬᠤᠷᠠᠯᠳᠤᠪᠠ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠂ ᠳᠡᠳ᠋ ᠡᠷᠬᠢᠯᠡᠭᠴᠢ ᠮᠸᠩ ᠹᠠᠩ ᠵᠢᠴᠢ ᠠᠶᠢᠮᠠᠭ ᠬᠣᠲᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠪᠥᠬᠥ ᠠᠵᠢᠯᠲᠠᠨ ᠂ ᠬᠥᠯᠥᠨ ᠪᠣᠶᠢᠷ ᠬᠣᠲᠠ ᠶᠢᠨ ᠨᠠᠮ ᠤᠨ ᠬᠣᠷᠢᠶ᠎ᠠ ᠶᠢᠨ ᠠᠯᠪᠠᠨ ᠬᠡᠷ ᠪᠠ ᠬᠥᠯᠥᠨ ᠪᠣᠶᠢᠷ ᠬᠣᠲᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠂ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠵᠢᠴᠢ ᠬᠤᠢ ᠰᠤᠮᠤ ᠶᠢᠨ ᠬᠠᠮᠢᠶ᠎ᠠ ᠪᠥᠬᠥᠶ ᠤᠳᠤᠷᠢᠳᠤᠯᠭ᠎ᠠ ᠪᠠ ᠲᠤᠰᠬᠠᠶ ᠮᠡᠷᠭᠡᠵᠢᠯᠲᠡᠨ ᠪᠠᠷᠤᠭ 20 ᠬᠥᠮᠦᠨ ᠬᠢᠨᠠᠨ ᠲᠣᠭᠲᠠᠭᠠᠬᠤ ᠬᠤᠷᠠᠯ ᠳᠤ ᠣᠷᠣᠯᠴᠠᠵᠠᠶ ᠃ ᠬᠥᠯᠥᠨ ᠪᠤᠢᠢᠷ ᠬᠤᠳᠠ ᠶᠢᠨ ᠨᠠᠮ ᠤᠨ ᠬᠣᠷᠢᠢ᠎ᠠ ᠶᠢᠨ ᠠᠯᠪᠠᠨ ᠭᠡᠷ ᠦᠨ ᠲᠡᠦᠬᠡ ᠣᠶᠢᠯᠠᠯᠭ᠎ᠠ ᠶᠢᠨ ᠬᠠᠮᠢᠶᠠᠷᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠰᠠᠷᠠᠨᠭᠡᠷᠡᠯ ᠬᠤᠷᠠᠯ ᠢ ᠡᠷᠬᠢᠯᠡᠪᠡ᠃

ᠬᠤᠷᠠᠯ ᠳᠡᠭᠡᠷ᠎ᠡ ᠾᠧ ᠪᠢᠶᠤᠤ ᠪᠠᠷ ᠡᠷᠬᠢᠯᠡᠭᠴᠢ ᠭᠡᠰᠢᠭᠦᠨ ᠪᠣᠯᠭᠠᠭᠰᠠᠨ ᠬᠢᠨᠠᠨ ᠲᠣᠭᠲᠠᠭᠠᠬᠤ ᠺᠣᠮᠢᠰ ᠢ ᠪᠠᠶᠢᠭᠤᠯᠵᠤ ᠂ ᠨᠠᠶᠢᠷᠠᠭᠤᠯᠬᠤ ᠠᠵᠢᠯᠲᠠᠨ ᠮᠠᠲ᠋ᠧᠷᠢᠶᠠᠯ ᠴᠤᠭᠯᠠᠭᠤᠯᠤᠭᠰᠠᠨ ᠵᠢᠴᠢ ᠡᠬᠡ ᠪᠢᠴᠢᠭ ᠢ ᠨᠠᠢᠷᠠᠭᠤᠯᠤᠭᠰᠠᠨ ᠶᠠᠪᠤᠴᠠ ᠶᠢ ᠲᠠᠨᠢᠯᠴᠠᠭᠤᠯᠵᠤ ᠂ ᠥᠪᠡᠷᠲᠡᠭᠡᠨ ᠵᠠᠰᠠᠬᠤ ᠣᠷᠣᠨ ᠂ ᠬᠥᠯᠥᠨ ᠪᠣᠶᠢᠷ ᠬᠣᠲᠠ ᠂ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠳ ᠣᠶᠢᠯᠠᠯᠭ᠎ᠠ ᠶᠢᠨ ᠡᠬᠡ ᠪᠢᠴᠢᠭ ᠦᠨ ᠭᠠᠷᠴᠠᠭᠯᠠᠯ ᠤᠨ ᠲᠣᠬᠢᠷᠠᠭᠤᠯᠤᠯᠲᠠ ᠂ ᠬᠡᠪ ᠲᠢᠭ ᠰᠲ᠋ᠢᠯᠢ ᠶᠢᠨ ᠬᠡᠷᠡᠭᠯᠡᠯᠲᠡ ᠂ ᠠᠭᠤᠯᠭ᠎ᠠ ᠶᠢᠨ ᠲᠡᠤᠬᠡᠨ ᠪᠣᠳᠠᠲᠤ ᠬᠡᠷᠡᠭ ᠂ ᠵᠢᠴᠢ ᠮᠠᠲ᠋ᠧᠷᠢᠶᠠᠯ ᠵᠡᠷᠭᠡ ᠲᠠᠯ᠎ᠠ ᠶᠢᠨ ᠲᠣᠭᠣᠷᠢᠨ ᠳᠤ ᠶᠠᠷᠢᠶ᠎ᠠ ᠲᠠᠯᠪᠢᠭᠰᠠᠨ ᠪᠥᠭᠡᠳ ᠲᠠᠷᠠᠭᠠᠴᠢ ᠶᠢᠨ ᠠᠯᠬᠤᠮ ᠤᠨ ᠣᠶᠢᠯᠠᠯᠭ᠎ᠠ ᠶᠢᠨ ᠢ ᠵᠠᠰᠠᠵᠤ ᠲᠡᠭᠦᠯᠳᠡᠷᠵᠢᠭᠦᠯᠬᠦ ᠲᠠᠯ᠎ᠠ ᠪᠠᠷ ᠰᠠᠨᠠᠯ ᠰᠠᠨᠠᠭᠤᠯᠭ᠎ᠠ ᠲᠤᠰᠬᠠᠶ ᠮᠡᠷᠭᠡᠵᠢᠯᠲᠡᠳ《ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠬᠤᠢ ᠰᠤᠮᠤ ᠶᠢᠨ ᠣᠶᠢᠯᠠᠯᠭ᠎ᠠ 》 ︵ ︶ ᠶᠢ ᠬᠢᠨᠠᠨ ᠲᠣᠭᠲᠠᠭᠠᠬᠤ ᠶᠢ ᠰᠠᠨᠠᠯ ᠨᠢᠭᠡᠲᠡᠶ ᠪᠠᠲᠤᠯᠠᠪᠠ ᠃
ᠾᠧ ᠪᠢᠶᠤᠤ ᠡᠷᠬᠢᠯᠡᠭᠴᠢ 《ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠬᠤᠢ ᠰᠤᠮᠤ ᠶᠢᠨ ᠣᠶᠢᠯᠠᠯᠭ᠎ᠠ》︵ ︶ ᠶᠢ ᠬᠢᠨᠠᠨ ᠲᠣᠭᠲᠠᠭᠠᠬᠤ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠬᠥᠯᠥᠨ ᠪᠣᠶᠢᠷ ᠬᠣᠲᠠ ᠪᠣᠯᠤᠨ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ᠵᠢᠴᠢ ᠬᠤᠢ ᠰᠤᠮᠤ ᠶᠢᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠠᠵᠢᠯ ᠢ ᠳᠥᠯᠭᠢᠨ ᠠᠬᠢᠭᠤᠯᠬᠤ ᠶᠢᠨ ᠲᠥᠯᠥᠭᠡ ᠬᠢᠭᠰᠡᠨ ᠨᠠᠶᠢᠷᠠᠭᠤᠯᠬᠤ ᠠᠵᠢᠯᠲᠠᠳ ᠤᠨ ᠭᠠᠷᠭᠠᠭᠰᠠᠨ ᠣᠯᠤᠭᠰᠠᠨ ᠠᠮᠵᠢᠯᠲᠠ ᠪᠦᠲᠦᠮᠵᠢ ᠪᠠᠶᠢᠬᠤ ᠪᠠᠨ ᠢᠯᠡᠳᠬᠡᠪᠡ ᠃