ᠵᠤᠬᠢᠶᠠᠭᠴᠢ:
ᠴᠠᠭ:2023-01-08
ᠥᠵᠡᠭᠰᠡᠨ : ℃
ᠢᠷᠡᠯᠲᠡ:
︽ᠥᠪᠥᠷ ᠮᠣᠩᠭᠣᠯ ᠤᠨ ᠤᠰᠤᠨ ᠠᠰᠢᠭᠯᠠᠯᠲᠠ ᠶᠢᠨ ᠣᠨ ᠤ ᠣᠶᠢᠯᠠᠪᠤᠷᠢ︵2021︶︾ ᠶᠢ ᠬᠡᠪᠯᠡᠨ ᠲᠠᠷᠬᠠᠭᠠᠪᠠ

2022 ᠣᠨ ᠤ 12 ᠳ᠋ᠤᠭᠠᠷ ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠦᠨ ᠳᠠᠭᠠᠭᠠᠨ ᠨᠠᠶᠢᠷᠠᠭᠤᠯᠤᠭᠰᠠᠨ 《ᠥᠪᠥᠷ ᠮᠣᠩᠭᠣᠯ ᠤᠨ ᠤᠰᠤᠨ ᠠᠰᠢᠭᠯᠠᠯᠲᠠ ᠶᠢᠨ ᠣᠨ ᠤ ᠣᠶᠢᠯᠠᠪᠤᠷᠢ︵2021︶》 ᠶᠢ ᠣᠷᠣᠨ ᠨᠤᠲᠤᠭ ᠤᠨ ᠬᠡᠪᠯᠡᠯ ᠦᠨ ᠬᠣᠷᠢᠶ᠎ᠠ ᠠᠴᠠ ᠬᠡᠪᠯᠡᠭᠦᠯᠦᠨ ᠲᠠᠷᠬᠠᠭᠠᠪᠠ ᠃
《ᠥᠪᠥᠷ ᠮᠣᠩᠭᠣᠯ ᠤᠨ ᠤᠰᠤᠨ ᠠᠰᠢᠭᠯᠠᠯᠲᠠ ᠶᠢᠨ ᠣᠨ ᠤ ᠣᠶᠢᠯᠠᠪᠤᠷᠢ︵2021︶》 ᠪᠣᠯ ᠯᠧᠨᠢᠨ ᠦ ᠦᠵᠡᠯ ᠂ ᠮᠠᠤ ᠽᠸ ᠳ᠋ᠦᠩ ᠦᠨ ᠦᠵᠡᠯ ᠰᠠᠨᠠᠭ᠎ᠠ ᠂ ᠳ᠋ᠧᠩ ᠰᠢᠶᠤᠤ ᠫᠢᠩ ᠦᠨ ᠣᠨᠣᠯ ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠂ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠦᠨ 2020 ᠣᠨ ᠤ ᠠᠵᠢᠯ ᠢ ᠪᠥᠬᠥ ᠲᠠᠯ᠎ᠠ ᠪᠠᠷ ᠂ ᠰᠢᠰᠲ᠋ᠧᠮ ᠲᠡᠶ ᠮᠠᠲ᠋ᠧᠷᠢᠶᠠᠯ ᠤᠨ ᠴᠢᠨᠠᠷᠲᠠᠶ ᠲᠤᠯᠭᠤᠷ ᠪᠢᠴᠢᠭ ᠪᠣᠯᠤᠨ᠎ᠠ ᠃
《ᠥᠪᠥᠷ ᠮᠣᠩᠭᠣᠯ ᠤᠨ ᠤᠰᠤᠨ ᠠᠰᠢᠭᠯᠠᠯᠲᠠ ᠶᠢᠨ ᠣᠨ ᠤ ᠣᠶᠢᠯᠠᠪᠤᠷᠢ︵2021︶》 ᠨᠡᠶᠢᠲᠡ 48.9 ᠲᠦᠮᠡᠨ ᠥᠰᠥᠭ ᠲᠡᠶ ᠂ ᠡᠭᠦᠨ ᠳᠦ ᠤᠰᠤᠨ ᠠᠰᠢᠭᠯᠠᠯᠲᠠ ᠶᠢᠨ ᠲᠣᠶᠢᠮᠣ ᠪᠠᠶᠢᠳᠠᠯ ᠂ ᠣᠨᠴᠠ ᠲᠡᠮᠳᠡᠭᠯᠡᠯ ᠂ ᠲᠤᠰᠬᠠᠶ ᠲᠡᠮᠳᠡᠭᠯᠡᠯ ᠂ ᠬᠡᠷᠡᠭ ᠦᠨ ᠲᠡᠮᠳᠡᠭᠯᠡᠯ ᠂ ᠤᠰᠤᠨ ᠠᠰᠢᠭᠯᠠᠯᠲᠠ ᠶᠢᠨ ᠰᠠᠭᠤᠷᠢ ᠠᠵᠢᠯ ᠂ ᠭᠣᠸᠯ ᠪᠣᠯᠬᠤ ᠤᠰᠤᠨ ᠠᠰᠢᠭᠯᠠᠯᠲᠠ ᠶᠢᠨ ᠪᠠᠶᠢᠭᠤᠯᠤᠮᠵᠢ ᠂ ᠠᠶᠢᠮᠠᠭ ᠬᠣᠲᠠ ᠶᠢᠨ ᠤᠰᠤᠨ ᠠᠰᠢᠭᠯᠠᠯᠲᠠ ᠂ ᠢᠷᠠᠭᠤ ᠠᠯᠳᠠᠷ ᠂ ᠤᠰᠤᠨ ᠠᠰᠢᠭᠯᠠᠯᠲᠠ ᠶᠢᠨ ᠲᠣᠭ᠎ᠠ ᠪᠦᠷᠢᠳᠬᠡᠯ ᠂ ᠳᠠᠭᠠᠯᠳᠤᠭᠤᠯᠤᠯ ᠵᠡᠷᠭᠡ 10 ᠲᠥᠷᠥᠯ ᠢ ᠪᠠᠭᠲᠠᠭᠠᠵᠤ ᠂ 《ᠲᠤᠰᠬᠠᠶ ᠮᠡᠷᠭᠡᠵᠢᠯ ᠦᠨ ᠨᠡᠷ᠎ᠡ ᠲᠣᠮᠢᠶ᠎ᠠ ᠪᠠ ᠲᠣᠮᠢᠶᠠᠯᠠᠯ 》 《 ᠬᠡᠯᠬᠢᠶᠡᠰᠦ 》 ᠵᠡᠷᠭᠡ ᠪᠣᠶ ᠃
ᠲᠣᠰ ᠣᠨ ᠤ ᠣᠶᠢᠯᠠᠪᠤᠷᠢ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠦᠨ 2004 ᠣᠨ ᠡᠴᠡ ᠲᠤᠰᠬᠠᠶ ᠮᠡᠷᠭᠡᠵᠢᠯ ᠦᠨ ᠣᠨ ᠤ ᠣᠶᠢᠯᠠᠪᠤᠷᠢ ᠪᠣᠯᠤᠨ᠎ᠠ ᠃ ᠠᠭᠤᠯᠭ᠎ᠠ ᠨᠢ ᠨᠠᠷᠢᠨ ᠪᠣᠳᠠᠲᠠᠶ ᠂ ᠣᠨᠴᠠᠯᠢᠭ ᠨᠢ ᠢᠯᠡ ᠲᠣᠳᠣ ᠂ ᠮᠠᠲ᠋ᠧᠷᠢᠶᠠᠯ ᠨᠢ ᠰᠢᠰᠲ᠋ᠧᠮ ᠲᠡᠶ ᠂ ᠲᠣᠭ᠎ᠠ ᠪᠠᠷᠢᠮᠲᠠ ᠨᠢ ᠣᠨᠣᠪᠴᠢᠲᠠᠶ ᠪᠠᠶᠢᠵᠤ ᠂ ᠣᠲᠣ ᠦᠶ᠎ᠡ ᠳᠦ ᠵᠠᠰᠠᠭ ᠲᠤ ᠳᠤ ᠬᠠᠪᠰᠤᠷᠤᠮᠵᠢ ᠯᠠᠪᠯᠠᠯᠲᠠ ᠬᠠᠩᠭᠠᠵᠤ ᠂ ᠬᠣᠵᠢᠮ ᠤᠨ ᠬᠥᠮᠦᠰ ᠲᠦ ᠲᠣᠯᠢ ᠪᠣᠯᠭᠠᠵᠤ ᠪᠣᠯᠤᠮᠠᠷ ᠲᠡᠮᠳᠡᠭᠯᠡᠯ ᠃