ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠤᠯᠠᠭᠠᠨᠬᠠᠳᠠ ᠬᠣᠲᠠ ᠶᠢᠨ︽ᠬᠠᠷᠠᠴᠢᠨ ᠬᠣᠰᠢᠭᠤᠨ ᠤ ᠸᠠᠩ ᠤᠨ ᠣᠷᠳᠣᠨ ᠣᠶᠢᠯᠠᠯᠭ᠎ᠠ︾︵︶ᠵᠢᠨ ᠰᠦᠯᠵᠢᠶᠡᠨ ᠳᠡᠭᠡᠷᠡᠬᠢ ᠬᠢᠨᠠᠨ ᠲᠣᠭᠲᠠᠭᠠᠬᠤ ᠬᠤᠷᠠᠯ ᠬᠤᠷᠠᠯᠳᠤᠪᠠ

2023 ᠣᠨ ᠤ 1 ᠰᠠᠷ᠎ᠠ ᠶᠢᠨ 5 ᠤ ᠡᠳᠦᠷ ᠂ ᠤᠯᠠᠭᠠᠨᠬᠠᠳᠠ ᠬᠣᠲᠠ ᠶᠢᠨ 《ᠬᠠᠷᠠᠴᠢᠨ ᠬᠣᠰᠢᠭᠤᠨ ᠤ ᠸᠠᠩ ᠤᠨ ᠣᠷᠳᠣᠨ ᠣᠶᠢᠯᠠᠯᠭ᠎ᠠ 》︵︶ ᠶᠢᠨ ᠰᠦᠯᠵᠢᠶᠡᠨ ᠳᠡᠭᠡᠷᠡᠬᠢ ᠬᠢᠨᠠᠨ ᠲᠣᠭᠲᠠᠭᠠᠬᠤ ᠬᠤᠷᠠᠯ ᠬᠤᠷᠠᠯᠳᠤᠪᠠ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠂ ᠳᠡᠳ᠋ ᠡᠷᠬᠢᠯᠡᠭᠴᠢ ᠮᠸᠩ ᠰᠢᠸ ᠹᠠᠩ ᠵᠢᠴᠢ ᠠᠶᠢᠮᠠᠭ ᠬᠣᠲᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠪᠥᠬᠥ ᠠᠵᠢᠯᠲᠠᠨ ᠂ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠳᠠᠷᠤᠭ᠎ᠠ ᠯᠢᠦᠶ ᠰᠢᠤᠸᠠᠢ ᠱᠧᠩ ᠂ ᠣᠷᠣᠨ ᠨᠤᠲᠤᠭ ᠤᠨ ᠣᠶᠢᠯᠠᠯᠭ᠎ᠠ ᠶᠢᠨ ᠰᠠᠯᠠᠭᠠᠨ ᠤ ᠪᠥᠬᠥ ᠠᠵᠢᠯᠲᠠᠨ ᠂ ᠬᠠᠷᠠᠴᠢᠨ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠵᠢᠴᠢ ᠸᠠᠩ ᠤᠨ ᠣᠷᠳᠣᠨ ᠬᠠᠮᠢᠶ᠎ᠠ ᠪᠥᠬᠥᠶ ᠤᠳᠤᠷᠢᠳᠤᠯᠭ᠎ᠠ ᠪᠠ ᠲᠤᠰᠬᠠᠶ ᠮᠡᠷᠭᠡᠵᠢᠯᠲᠡᠨ 19 ᠬᠥᠮᠦᠨ ᠬᠢᠨᠠᠨ ᠲᠣᠭᠲᠠᠭᠠᠬᠤ ᠬᠤᠷᠠᠯ ᠳᠤ ᠣᠷᠣᠯᠴᠠᠵᠠᠶ ᠃ ᠬᠤᠷᠠᠯ ᠳᠡᠭᠡᠷ᠎ᠡ ᠾᠧ ᠪᠢᠶᠤᠤ ᠂ ᠯᠢᠦᠶ ᠰᠢᠤᠸᠠᠢ ᠱᠧᠩ ᠢᠶᠡᠷ ᠡᠷᠬᠢᠯᠡᠭᠴᠢ ᠭᠡᠰᠢᠭᠦᠨ ᠪᠣᠯᠭᠠᠭᠰᠠᠨ ᠲᠤᠰᠬᠠᠶ ᠮᠡᠷᠭᠡᠵᠢᠯᠲᠡᠨ ᠦ ᠺᠣᠮᠢᠰ ᠢ ᠪᠠᠶᠢᠭᠤᠯᠵᠠᠶ ᠃ ᠬᠤᠷᠠᠯ ᠢ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠯᠠᠭᠠᠨ ᠤ ᠳᠠᠷᠤᠭ᠎ᠠ ᠶᠤᠸᠠᠨ ᠬᠣᠩ ᠵᠢᠶᠦ᠋ᠨ ᠡᠷᠭᠢᠯᠡᠪᠡ ᠃

ᠰᠠᠩ ᠤᠨ ᠳᠠᠷᠤᠭ᠎ᠠ ᠯᠢᠦᠶ ᠰᠢᠤᠸᠠᠢ ᠱᠧᠩ ᠬᠤᠷᠠᠯ ᠡᠬᠢᠯᠡᠬᠦ ᠦᠭᠡ ᠬᠡᠯᠡᠵᠦ ᠂ ᠤᠯᠠᠭᠠᠨᠬᠠᠳᠠ ᠬᠣᠲᠠ ᠶᠢᠨ ᠰᠢᠶᠠᠩ ᠪᠠᠯᠭᠠᠰᠤᠨ ᠤ ᠣᠶᠢᠯᠠᠯᠭ᠎ᠠ ᠶᠢᠨ ᠲᠤᠷᠰᠢᠯᠲᠠ ᠶᠢᠨ ᠴᠡᠭ ᠦᠨ ᠪᠠᠶᠢᠳᠠᠯ ᠢ ᠪᠥᠬᠥ ᠲᠠᠯ᠎ᠠ ᠪᠠᠷ ᠲᠠᠨᠢᠯᠴᠠᠭᠤᠯᠤᠭᠰᠠᠨ ᠪᠥᠭᠡᠳ ᠲᠣᠰ ᠤᠳᠠᠭᠠᠨ ᠤ ᠬᠢᠨᠠᠨ ᠲᠣᠭᠲᠠᠭᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠪᠥᠬᠥ ᠬᠣᠲᠠ ᠶᠢᠨ ᠲᠤᠷᠰᠢᠯᠲᠠ ᠶᠢᠨ ᠴᠡᠭ ᠦᠨ ᠰᠢᠶᠠᠩ ᠪᠠᠯᠭᠠᠰᠤᠨ ᠤ ᠣᠶᠢᠯᠠᠯᠭ᠎ᠠ ᠨᠠᠶᠢᠷᠠᠭᠤᠯᠬᠤ ᠠᠵᠢᠯ ᠢ ᠲᠦᠷᠭᠡᠪᠴᠢᠯᠡᠨ ᠠᠬᠢᠭᠤᠯᠬᠤ ᠶᠢ ᠬᠦᠰᠡᠪᠡ ᠃ ᠬᠠᠷᠠᠴᠢᠨ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠳᠠᠷᠤᠭ᠎ᠠ ᠬᠤᠸᠠᠩ ᠹᠸᠩ ᠹᠸᠩ ᠡᠩᠨᠡᠭᠡ ᠵᠣᠬᠢᠶᠠᠨ ᠪᠠᠢᠭᠤᠯᠤᠭᠰᠠᠨ ᠂ ᠮᠠᠲ᠋ᠧᠷᠢᠶᠠᠯ ᠴᠤᠭᠯᠠᠭᠤᠯᠤᠭᠰᠠᠨ ᠂ ᠣᠶᠢᠯᠠᠯᠭ᠎ᠠ ᠶᠢᠨ ᠡᠬᠡ ᠪᠢᠴᠢᠭ ᠢ ᠨᠠᠢᠷᠠᠭᠤᠯᠤᠭᠰᠠᠨ ᠶᠠᠪᠤᠴᠠ ᠵᠢᠴᠢ ᠸᠠᠩ ᠤᠨ ᠣᠷᠳᠣᠨ ᠨᠠᠮ ᠤᠨ ᠬᠣᠷᠢᠶ᠎ᠠ ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠡᠷ ᠴᠢᠬᠤᠯᠠᠴᠢᠯᠠᠭᠰᠠᠨ ᠵᠡᠷᠭᠡ ᠲᠠᠯ᠎ᠠ ᠪᠠᠷ 《ᠬᠠᠷᠠᠴᠢᠨ ᠬᠣᠰᠢᠭᠤᠨ ᠤ ᠸᠠᠩ ᠤᠨ ᠣᠷᠳᠣᠨ ᠣᠶᠢᠯᠠᠯᠭ᠎ᠠ 》︵︶ ᠶᠢ ᠨᠠᠢᠷᠠᠭᠤᠯᠤᠭᠰᠠᠨ ᠠᠵᠢᠯ ᠤᠨ ᠲᠠᠨᠢᠯᠴᠠᠭᠤᠯᠪᠠ ᠃

ᠡᠷᠬᠢᠯᠡᠭᠴᠢ ᠾᠧ ᠪᠢᠶᠤᠤ 《ᠬᠠᠷᠠᠴᠢᠨ ᠬᠣᠰᠢᠭᠤᠨ ᠤ ᠸᠠᠩ ᠤᠨ ᠣᠷᠳᠣᠨ ᠣᠶᠢᠯᠠᠯᠭ᠎ᠠ 》︵ ︶ ᠵᠢ ᠬᠢᠨᠠᠨ ᠲᠣᠭᠲᠠᠭᠠᠬᠤ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠤᠯᠠᠭᠠᠨᠬᠠᠳᠠ ᠬᠣᠲᠠ ᠂ ᠬᠠᠷᠠᠴᠢᠨ ᠬᠣᠰᠢᠭᠤᠨ ᠤ ᠬᠣᠶᠠᠷ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠮᠵᠢ ᠶᠢᠨ ᠣᠷᠣᠨ ᠨᠤᠲᠤᠭ ᠤᠨ ᠣᠶᠢᠯᠠᠯᠭ᠎ᠠ ᠨᠠᠢᠷᠠᠭᠤᠯᠬᠤ ᠠᠵᠢᠯ ᠢ ᠳᠥᠯᠭᠢᠨ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠨᠤᠲᠠᠯᠠᠵᠤ ᠪᠠᠶᠢᠬᠤ ᠪᠠᠨ ᠢᠯᠡᠳᠬᠡᠵᠦ ᠂ ᠨᠠᠶᠢᠷᠠᠭᠤᠯᠤᠨ ᠪᠢᠴᠢᠬᠦ ᠠᠵᠢᠯᠲᠠᠳ ᠤᠨ ᠣᠷᠳᠣ ᠬᠤᠭᠤᠴᠠᠭ᠎ᠠ ᠪᠠᠷ ᠰᠢᠷᠭᠠᠭᠤ ᠬᠠᠲᠠᠭᠤᠵᠢᠯᠲᠠᠶ ᠵᠢᠳᠬᠦᠭᠰᠡᠨ ᠳᠦ ᠲᠠᠯᠠᠷᠬᠠᠵᠤ ᠪᠠᠶᠢᠬᠤ ᠪᠠᠨ ᠢᠯᠡᠳᠬᠡᠪᠡ ᠃ ᠡᠨᠡ ᠤᠳᠠᠭ᠎ᠠ ᠶᠢᠨ ᠬᠢᠨᠠᠨ ᠲᠣᠭᠲᠠᠭᠠᠬᠤ ᠬᠤᠷᠠᠯ ᠳᠤ ᠴᠢᠭᠯᠡᠭᠦᠯᠦᠨ ᠡᠷᠬᠢᠯᠡᠭᠴᠢ ᠾᠧ ᠪᠢᠶᠤᠤ ᠭᠤᠷᠪᠠᠨ ᠰᠠᠨᠠᠯ ᠳᠤᠷᠠᠳᠪᠠ᠃

ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠣᠲᠠ ᠬᠣᠶᠠᠷ ᠱᠠᠲᠤᠨ ᠤ ᠲᠤᠰᠬᠠᠶ ᠮᠡᠷᠭᠡᠵᠢᠯᠲᠡᠳ ᠣᠶᠢᠯᠠᠯᠭ᠎ᠠ ᠶᠢᠨ ᠡᠬᠡ ᠪᠢᠴᠢᠭ ᠦᠨ ᠤᠨ ᠲᠣᠬᠢᠷᠠᠭᠤᠯᠤᠯᠲᠠ ᠂ ᠬᠡᠪ ᠲᠢᠭ ᠰᠲ᠋ᠢᠯᠢ ᠶᠢᠨ ᠬᠡᠷᠡᠭᠯᠡᠯᠲᠡ ᠂ ᠠᠭᠤᠯᠭ᠎ᠠ ᠶᠢᠨ ᠲᠡᠤᠬᠡᠨ ᠪᠣᠳᠠᠲᠤ ᠬᠡᠷᠡᠭ ᠂ ᠵᠢᠷᠤᠭ ᠰᠡᠭᠦᠳᠡᠷ ᠬᠦᠰᠦᠨᠦᠭᠲᠦ ᠶᠢᠨ ᠬᠡᠷᠡᠭᠯᠡᠯᠲᠡ ᠂ ᠵᠣᠬᠢᠶᠠᠯ ᠤᠨ ᠲᠡᠮᠳᠡᠭᠯᠡᠨ ᠲᠣᠭᠠᠴᠢᠯᠲᠠ ᠵᠢᠴᠢ ᠮᠠᠲ᠋ᠧᠷᠢᠶᠠᠯ ᠰᠤᠩᠭᠤᠭᠰᠠᠨ ᠵᠡᠷᠭᠡ ᠲᠠᠯ᠎ᠠ ᠶᠢᠨ ᠲᠣᠭᠣᠷᠢᠨ ᠳᠤ ᠶᠠᠷᠢᠶ᠎ᠠ ᠲᠠᠯᠪᠢᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠣᠶᠢᠯᠠᠯᠭ᠎ᠠ ᠶᠢᠨ ᠲᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ ᠪᠠ ᠰᠠᠨᠠᠭᠤᠯᠭ᠎ᠠ ᠪᠠᠨ ᠳᠤᠷᠠᠳᠴᠠᠭᠠᠪᠠ ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠂ ᠲᠤᠰᠬᠠᠶ ᠮᠡᠷᠭᠡᠵᠢᠯᠲᠡᠨ ᠢᠶᠠᠨ 《ᠬᠠᠷᠠᠴᠢᠨ ᠬᠣᠰᠢᠭᠤᠨ ᠤ ᠸᠠᠩ ᠤᠨ ᠣᠷᠳᠣᠨ ᠣᠶᠢᠯᠠᠯᠭ᠎ᠠ》︵︶ᠪᠣᠯ ᠴᠠᠭ ᠦᠶ᠎ᠡ ᠶᠢᠨ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠢ ᠦᠨᠳᠦᠰᠦᠨ ᠳᠡᠭᠡᠨ ᠲᠤᠰᠬᠠᠵᠤ ᠴᠢᠳᠠᠭᠰᠠ ᠪᠠᠯᠭᠠᠰᠤᠨ ᠤ ᠣᠶᠢᠯᠠᠯᠭ᠎ᠠ ᠶᠢᠨ ᠡᠬᠡ ᠨᠣᠸᠷᠠᠭ ᠮᠥᠨ ᠭᠡᠵᠦ ᠰᠠᠨᠠᠯ ᠨᠢᠭᠡᠲᠡᠶ ᠦᠵᠡᠵᠡᠭᠡᠵᠦ ᠂ ᠬᠤᠷᠠᠯ ᠠᠴᠠ 《ᠬᠠᠷᠠᠴᠢᠨ ᠬᠣᠰᠢᠭᠤᠨ ᠤ ᠸᠠᠩ ᠤᠨ ᠣᠷᠳᠣᠨ ᠣᠶᠢᠯᠠᠯᠭ᠎ᠠ 》︵︶ ᠶᠢ ᠬᠢᠨᠠᠨ ᠲᠣᠭᠲᠠᠭᠠᠬᠤ ᠶᠢ ᠪᠠᠲᠤᠯᠠᠪᠠ ᠃
ᠳᠡᠳ᠋ ᠡᠷᠬᠢᠯᠡᠭᠴᠢ ᠮᠸᠩ ᠹᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ ᠃