ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠬᠠᠮᠲᠤ ᠪᠠᠷ ᠰᠤᠷᠤᠯᠴᠠᠬᠤ ᠬᠤᠷᠠᠯ ᠬᠤᠷᠠᠯᠳᠤᠭᠤᠯᠪᠠ

ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠲᠤᠬᠢᠷᠠᠭᠤᠯᠤᠯᠳᠠ ᠶᠣᠰᠣᠭᠠᠷ᠂ 2023 ᠣᠨ ᠤ 1 ᠰᠠᠷ᠎ᠠ ᠶᠢᠨ 13 ᠋ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠬ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠤᠷᠪᠤᠯᠵᠢ ᠪᠢᠴᠢᠭ ᠦᠨ ᠪᠠᠷᠢᠮᠲᠠᠲᠤ ᠹᠢᠯᠢᠮ《ᠶᠢᠷᠲᠢᠨᠴᠦ ᠶᠢᠨ ᠶᠠᠪᠤᠳᠠᠯ ᠤᠨ ᠤᠷᠲᠦ ᠤᠳᠠᠭᠠᠨ ᠤᠯᠠᠷᠢᠯ ᠬᠤᠪᠢᠰᠤᠯ》 ᠤᠨ ᠠᠷᠪᠠᠨ ᠨᠢᠭᠡᠳᠦᠭᠡᠷ ᠪᠦᠯᠦᠭ《ᠪᠦᠬᠦᠳᠡ ᠨᠠᠶᠢᠷᠠᠮᠳᠠᠬᠤ ᠤᠯᠤᠰ ᠤᠨ ᠥᠯᠥᠭᠡᠢ》ᠵᠢ ᠵᠣᠬᠢᠶᠠᠨ ᠪᠠᠶᠢᠭᠤᠯᠤᠨ ᠦᠵᠡᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠠᠷᠠᠳ ᠤᠨ ᠬᠤᠪᠢᠰᠬᠠᠯᠲᠤ ᠵᠠᠰᠠᠭ ᠤᠨ ᠡᠷᠬᠡ ᠶᠢ ᠡᠭᠦᠳᠦᠨ ᠪᠠᠶᠢᠭᠤᠯᠬᠤ ᠶᠠᠪᠤᠴᠠ ᠳᠤ ᠢᠳᠡᠪᠬᠢᠲᠡᠢ ᠬᠠᠶᠢᠨ ᠰᠦᠪᠡᠭᠴᠢᠯᠡᠭᠰᠡᠨ ᠪᠠ ᠦᠢᠯᠡᠳᠦᠯᠭᠡᠵᠢᠭᠦᠯᠦᠭᠰᠡᠨ ᠭᠡᠷᠡᠯ ᠰᠠᠴᠤᠷᠠᠩᠭᠤᠢ ᠲᠡᠦᠬᠡ ᠶᠢ ᠰᠤᠷᠤᠯᠴᠠᠪᠠ᠃ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃
ᠾᠧ ᠪᠢᠶᠤᠤ ᠡᠷᠬᠢᠯᠡᠭᠴᠢ ᠴᠢᠬᠤᠯᠠᠴᠢᠯᠠᠬᠤ ᠳᠠᠭᠠᠨ ᠂ ᠨᠠᠮ ᠤᠨ ᠬᠣᠷᠢᠳᠤᠭᠠᠷ ᠶᠡᠬᠡ ᠬᠤᠷᠠᠯ ᠤᠨ ᠢᠯᠡᠳᠬᠡᠯ ᠳᠦ 《 ᠲᠡᠦᠬᠡ ᠶᠢᠨ ᠢᠲᠡᠭᠡᠯ ᠢᠶᠡᠨ ᠪᠠᠲᠤᠳᠬᠠᠵᠤ ᠂ ᠲᠡᠦᠬᠡ ᠶᠢᠨ ᠰᠠᠨᠠᠭᠠᠴᠢᠯᠠᠭ᠎ᠠ ᠴᠢᠩᠭᠠᠳᠬᠠᠬᠤ ᠬᠡᠷᠡᠭᠲᠡᠶ 》 ᠭᠡᠵᠦ ᠲᠣᠳᠣᠷᠬᠠᠶ ᠳᠤᠷᠠᠳᠴᠤ ᠂ ᠪᠢᠳᠡ ᠣᠨᠣᠯ ᠢᠶᠠᠷ ᠵᠡᠪᠰᠡᠭᠯᠡᠬᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠲᠤ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠣᠷᠭᠠᠨᠢᠭ ᠢᠶᠠᠷ ᠤᠶᠠᠯᠳᠤᠭᠤᠯᠬᠤ ᠶᠢ ᠦᠷᠭᠦᠯᠵᠢᠯᠡᠨ ᠪᠠᠷᠢᠮᠲᠠᠯᠠᠵᠤ ᠂ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ ᠠᠭᠤᠯᠭ᠎ᠠ ᠪᠠᠨ ᠪᠠᠶᠠᠯᠢᠭᠵᠢᠭᠤᠯᠵᠤ᠂ ᠰᠤᠷᠤᠯᠴᠠᠯᠭ᠎ᠠ ᠶᠢᠨ ᠳᠤᠮᠳᠠ ᠲᠡᠦᠬᠡ ᠶᠢᠨ ᠢᠲᠡᠭᠡᠯ ᠪᠣᠯᠤᠨ ᠬᠦᠰᠡᠯᠡᠩ ᠢᠲᠡᠭᠡᠯ ᠪᠢᠰᠢᠷᠡᠯ ᠢᠶᠡᠨ ᠤᠯᠠᠮ ᠴᠢᠨᠠᠭᠰᠢᠳᠠ ᠪᠠᠲᠤᠳᠬᠠᠵᠤ᠂ ᠦᠢᠯᠡᠳᠦᠯᠭᠡ ᠶᠢᠨ ᠳᠤᠮᠳᠠ ᠲᠡᠮᠡᠴᠡᠯ ᠦᠨ ᠵᠣᠷᠢᠭ ᠰᠠᠨᠠᠭ᠎ᠠ ᠪᠣᠯᠤᠨ ᠲᠡᠮᠡᠴᠡᠯ ᠦᠨ ᠵᠣᠷᠢᠭ ᠰᠠᠨᠠᠭ᠎ᠠ ᠪᠠᠨ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠠᠭᠤᠤ ᠶᠡᠬᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠡᠦᠬᠡ ᠪᠡᠷ ᠪᠣᠯᠭᠠᠵᠤ᠂ ᠢᠷᠡᠭᠡᠳᠦᠢ ᠪᠡᠨ ᠨᠡᠭᠡᠭᠡᠵᠦ᠂ ᠣᠷᠣᠨ ᠨᠤᠲᠤᠭ ᠤᠨ ᠣᠶᠢᠯᠠᠯᠭ᠎ᠠ ᠶᠢ ᠰᠢᠨ᠎ᠡ ᠴᠠᠭ ᠦᠶ᠎ᠡ ᠳᠦ ᠦᠢᠯᠡᠴᠢᠯᠡᠭᠦᠯᠬᠦ ᠡᠨᠡᠬᠦ ᠶᠠᠪᠤᠳᠠᠯ ᠢ ᠤᠷᠳᠤ᠂ ᠪᠣᠳᠠᠲᠠᠢ᠂ ᠰᠠᠶᠢᠲᠤᠷ ᠬᠢᠬᠦ ᠬᠡᠷᠡᠭᠲᠡᠢ᠃
ᠬᠤᠷᠠᠯ ᠤᠨ ᠳᠠᠷᠠᠭ᠎ᠠ ᠂ ᠾᠧ ᠪᠢᠶᠤᠤ ᠡᠷᠬᠢᠯᠡᠭᠴᠢ ᠣᠶᠢᠷ᠎ᠠ ᠶᠢᠨ ᠬᠤᠭᠤᠴᠠᠭᠠᠨ ᠤ ᠭᠣᠸᠯᠳᠠᠯᠭ᠎ᠠ ᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ ᠃