ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠮᠡᠳᠡᠭᠡ ᠵᠠᠩᠭᠢ ᠶᠢᠨ ᠢᠷᠡᠯᠲᠡ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 2022 ᠣᠨ ᠤ ᠬᠢᠯᠡᠰ ᠴᠡᠭ ᠠᠵᠢᠯ ︵ ︶
7. ᠣᠨ ᠤ ᠣᠶᠢᠯᠠᠪᠤᠷᠢ ᠶᠢᠨ ᠦᠢᠯᠡᠰ ᠦᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠪᠦᠬᠦ ᠣᠷᠣᠨ ᠤ ᠠᠷᠠᠳ ᠲᠦᠮᠡᠨ ᠦ ᠡᠷᠡᠯᠬᠡᠭᠯᠡᠨ ᠤᠷᠤᠭᠰᠢᠯᠠᠭᠰᠠᠨ ᠰᠢᠨ᠎ᠡ ᠠᠶᠠᠨ ᠢ ᠲᠡᠮᠳᠡᠭᠯᠡᠪᠡ
2022 ᠣᠨ ᠳᠤ᠂ ᠨᠡᠢᠲᠡ152 ᠲᠥᠮᠡᠨ ᠦᠰᠥᠭ ᠪᠦᠬᠥᠢ 《ᠥᠪᠥᠷ ᠮᠣᠩᠭᠣᠯ ᠤᠨ ᠣᠨ ᠤ ︵2021 ᠪᠤᠳᠢ︶》ᠵᠢ ᠬᠡᠪᠯᠡᠭᠦᠯᠬᠦ ᠡᠭᠦᠷᠭᠡ ᠶᠢ ᠪᠡᠶᠡᠯᠡᠭᠦᠯᠵᠦ᠂ 2020 ᠣᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ᠂ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠢ ᠪᠤᠰᠤᠳᠴᠢ᠂ ᠰᠢᠰᠲ᠋ᠧᠮ ᠲᠡᠶ᠂ ᠦᠨᠡᠨ ᠪᠣᠳᠠᠲᠠᠢ ᠪᠠᠷ ᠲᠡᠮᠳᠡᠭᠯᠡᠨ ᠲᠣᠭᠠᠴᠢᠪᠠ ᠃ ᠵᠢᠯ ᠦᠨ ᠳᠣᠲᠣᠷ᠎ᠠ ᠂ 《 ᠥᠪᠥᠷ ᠮᠣᠩᠭᠣᠯ ᠤᠨ ︵ 2022 ᠪᠣᠲᠢ ︶》 ᠶᠢᠨ ᠨᠡᠢᠲᠡ150 ᠲᠥᠮᠡᠨ ᠦᠰᠥᠭ ᠪᠦᠬᠥᠢ ᠴᠤᠭᠯᠠᠭᠤᠯᠬᠤ ᠂ ᠨᠠᠶᠢᠷᠠᠭᠤᠯᠬᠤ ᠂ ᠬᠢᠨᠠᠬᠤ ᠂ ᠬᠠᠷᠭᠤᠭᠤᠯᠬᠤ ᠂ ᠬᠡᠪᠯᠡᠭᠦᠯᠬᠦ ᠵᠡᠷᠭᠡ ᠠᠵᠢᠯ ᠢ ᠳᠠᠭᠤᠰᠬᠠᠪᠠ ᠶᠡᠷᠦᠩᠬᠡᠶᠢᠯᠡᠭᠰᠡᠨ ᠣᠨ ᠤ ᠣᠶᠢᠯᠠᠪᠤᠷᠢ ᠶᠢᠨ 2022 ᠪᠤᠳᠢ ᠶᠢᠨ ᠴᠠᠭ ᠬᠤᠭᠤᠴᠠᠭᠠᠲᠤ ᠴᠢᠨᠠᠷ ᠢᠯᠡᠳᠲᠡ ᠴᠢᠩᠭᠠᠷᠠᠵᠤ᠂ 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ ᠨᠡᠢᠢᠳᠡ 89 ᠪᠦᠯᠦᠭ ᠢ ᠨᠢ ᠬᠡᠪᠯᠡᠭᠦᠯᠵᠦ᠂ ᠵᠢᠯ ᠦᠨ ᠲᠣᠲᠤᠷ᠎ᠠ ᠬᠡᠪᠯᠡᠭᠦᠯᠬᠦ ᠨᠤᠷᠮ᠎ᠠ 76%᠋ ᠳᠤ ᠬᠦᠷᠪᠡ 《 ᠥᠪᠥᠷ ᠮᠣᠩᠭᠣᠯ ᠤᠨ ᠠᠷᠪᠠᠨ ᠵᠢᠯ ᠦᠨ ᠬᠡᠷᠡᠭ ᠶᠠᠪᠤᠳᠠᠯ ᠤᠨ ᠲᠡᠮᠳᠡᠭᠯᠡᠯ︵2012 ︱ 2022 ︶》 ᠢ ᠨᠠᠶᠢᠷᠠᠭᠤᠯᠬᠤ ᠠᠵᠢᠯ ᠢ ᠪᠡᠯᠡᠳᠬᠡᠵᠦ ᠂ ᠬᠡᠷᠡᠭᠵᠢᠭᠦᠯᠬᠦ ᠲᠥᠰᠦᠯ ᠢ ᠲᠤᠭᠤᠷᠪᠢᠨ ᠳᠠᠷᠤᠮᠠᠯᠯᠠᠨ ᠲᠠᠷᠬᠠᠭᠠᠪᠠ ᠃ ᠵᠢᠯ ᠦᠨ ᠳᠣᠲᠣᠷ᠎ᠠ᠂ ᠤᠷᠢᠳ ᠬᠣᠵᠢᠳ ᠬᠢᠩᠭᠠᠨ ᠠᠶᠢᠮᠠᠭ᠂ ᠰᠢᠯᠢ ᠶᠢᠨ ᠭᠣᠣᠯ ᠠᠶᠢᠮᠠᠭ᠂ ᠤᠷᠳᠤᠰ ᠬᠤᠳᠠ᠂ ᠦᠬᠠᠢ ᠬᠤᠳᠠ᠂ ᠪᠤᠭᠤᠲᠤ ᠬᠤᠳᠠ᠂ ᠤᠯᠠᠭᠠᠨᠴᠠᠪ ᠬᠤᠳᠠ ᠳᠤ ᠰᠣᠳᠣᠨ ᠣᠨ ᠤ ᠶᠢᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠪᠦᠬᠦ ᠣᠷᠣᠨ ᠤ ᠬᠡᠪᠴᠢᠶᠡᠨ ᠳᠦ 52 ᠤᠨᠤᠯ ᠤᠨ ᠵᠣᠬᠢᠶᠠᠯ ᠡᠯᠰᠡᠭᠰᠡᠨ ᠦ ᠬᠠᠮᠲᠤ 5 ᠵᠣᠬᠢᠶᠠᠯ ᠰᠣᠩᠭᠣᠨ ᠭᠠᠷᠭᠠᠵᠤ ᠪᠦᠬᠦ ᠤᠯᠤᠰ ᠤᠨ ᠰᠣᠳᠣᠨ ᠣᠨ ᠤ ᠶᠢᠨ ᠤᠨᠤᠯ ᠤᠨ ᠰᠤᠳᠤᠯᠤᠨ ᠶᠠᠷᠢᠯᠴᠠᠵᠤ ᠵᠣᠬᠢᠶᠠᠯ ᠡᠯᠰᠡᠬᠦ ᠠᠵᠢᠯᠯᠠᠭ᠎ᠠ ᠳᠤ ᠣᠷᠣᠯᠴᠠᠭᠤᠯᠬᠤ ᠪᠠᠷ ᠲᠠᠨᠢᠯᠴᠠᠭᠤᠯᠪᠠ᠂ ᠡᠭᠦᠨ ᠳᠦ 1 ᠵᠣᠬᠢᠶᠠᠯ ᠪᠦᠬᠦ ᠤᠯᠤᠰ ᠤᠨ ᠰᠢᠯᠭᠠᠷᠠᠭᠤᠯᠤᠯᠲᠠ ᠶᠢᠨ ᠬᠣᠶᠠᠳᠤᠭᠠᠷ ᠳᠡᠰ ᠤᠨ ᠱᠠᠩᠨᠠᠯ ᠢ ᠢᠷᠠᠭᠤ ᠠᠯᠳᠠᠷᠲᠠᠢ ᠪᠠᠷ ᠬᠦᠷᠲᠡᠪᠡ ᠃《 ᠲᠦᠩᠯᠢᠶᠣᠤ ᠶᠢᠨ ᠣᠨ ᠤ ᠣᠶᠢᠯᠠᠪᠤᠷᠢ︵2022 ︶》 ᠶᠢ ᠪᠥᠬᠥ ᠤᠯᠤᠰ ᠤᠨ ᠣᠨ ᠤ ᠣᠶᠢᠯᠠᠪᠤᠷᠢ ᠶᠢᠨ ᠰᠣᠳᠣᠨ ᠪᠦᠲᠦᠭᠡᠯ ᠦᠨ ᠢᠨᠵᠧᠨᠧᠷᠢᠩ ᠦᠨ ᠰᠢᠯᠭᠠᠷᠠᠭᠤᠯᠤᠯᠲᠠ ᠳᠤ ᠣᠷᠣᠯᠴᠠᠭᠤᠯᠬᠤ ᠪᠠᠷ ᠮᠡᠳᠡᠭᠦᠯᠪᠡ ᠃
8. ᠰᠢᠨ᠎ᠡ ᠴᠠᠭ ᠦᠶ᠎ᠡ ᠶᠢᠨ ᠰᠣᠶᠣᠯ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠲᠤᠯᠭ᠎ᠠ ᠶᠢ ᠴᠤᠤᠷᠢᠶᠠᠲᠤᠨ ᠲᠣᠭᠠᠴᠢᠯᠠᠭᠰᠠᠨ ᠣᠷᠣᠨ ᠨᠤᠲᠤᠭ ᠤᠨ ᠣᠢᠯᠠᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠪᠠ
2022 ᠣᠨ ᠳᠤ ᠂ ᠥᠪᠥᠷ ᠮᠣᠩᠭᠣᠯ ᠤᠨ ᠣᠷᠣᠨ ᠤ ᠪᠠᠶᠢᠳᠠᠯ ᠤᠨ ᠰᠦᠯᠵᠢᠶ᠎ᠡ ᠪᠡᠷ ᠰᠠᠭᠤᠷᠢ ᠪᠣᠯᠭᠠᠨ ᠂ ᠣᠷᠣᠨ ᠨᠤᠲᠤᠭ ᠤᠨ ᠣᠶᠢᠯᠠᠯᠭ᠎ᠠ ᠶᠢᠨ ᠳ᠋ᠠᠶᠢᠲ᠋ᠠ ᠬᠥᠮᠥᠷᠭᠡ ᠂ ᠰᠦᠯᠵᠢᠶ᠎ᠡ ᠳᠡᠭᠡᠷ᠎ᠡ ᠨᠠᠢᠷᠠᠭᠤᠯᠬᠤ ᠵᠥᠭᠡᠯᠡᠨ ᠬᠡᠷᠡᠭᠰᠡᠯ ᠤᠨ ᠰᠢᠰᠲ᠋ᠧᠮ ᠂ 《ᠥᠪᠥᠷ ᠮᠣᠩᠭᠣᠯ ᠣᠷᠣᠨ ᠨᠤᠲᠤᠭ ᠤᠨ ᠣᠶᠢᠯᠠᠯᠭ᠎ᠠ》 ᠸᠢᠴᠠᠲ ᠤᠨ ᠨᠡᠶᠢᠲᠡ ᠶᠢᠨ ᠳ᠋ᠤᠭᠠᠷ ᠢᠶᠠᠷ ᠭᠣᠸᠯᠳᠠᠯᠭ᠎ᠠ ᠪᠣᠯᠭᠠᠭᠰᠠᠨ ᠲᠣᠭᠠᠴᠢᠯᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠪᠠ ᠃ ᠥᠪᠥᠷ ᠮᠣᠩᠭᠣᠯ ᠤᠨ ᠣᠷᠣᠨ ᠤ ᠪᠠᠶᠢᠳᠠᠯ ᠤᠨ ᠰᠦᠯᠵᠢᠶ᠎ᠡ︵ ᠬᠢᠲᠠᠳ ᠬᠡᠪᠯᠡᠯ ︶ ᠪᠥᠬᠥ ᠵᠢᠯ ᠳᠦ 311 ᠲᠥᠮᠡ ᠢᠯᠡᠭᠦᠦ ᠦᠰᠥᠭ ᠪᠦᠬᠥᠢ 1760 ᠬᠤᠪᠢ ᠵᠣᠬᠢᠶᠠᠯ ᠂ 2005 ᠬᠤᠪᠢ ᠵᠢᠷᠤᠭ ᠬᠦᠯᠢᠶᠡᠨ ᠠᠪᠴᠦ ᠨᠡᠶᠢᠲᠡᠯᠡᠪᠡ ᠥᠪᠥᠷ ᠮᠣᠩᠭᠣᠯ ᠤᠨ ᠣᠷᠣᠨ ᠤ ᠪᠠᠶᠢᠳᠠᠯ ᠤᠨ ᠰᠦᠯᠵᠢᠶ᠎ᠡ︵ ᠮᠣᠩᠭᠣᠯ ᠬᠡᠪᠯᠡᠯ ︶ᠪᠥᠬᠥ ᠵᠢᠯ ᠳᠦ 43 ᠲᠥᠮᠡ ᠢᠯᠡᠭᠦᠦ ᠦᠰᠥᠭ ᠪᠦᠬᠥᠢ 1067 ᠵᠣᠬᠢᠶᠠᠯ ᠂ 281 ᠵᠢᠷᠤᠭ ᠂ 312 ᠠᠩᠬᠠᠨ ᠤ ᠣᠷᠴᠢᠭᠤᠯᠭ᠎ᠠ ᠶᠢᠨ ᠵᠣᠬᠢᠶᠠᠯ ᠢ ᠣᠷᠣᠭᠤᠯᠤᠨ ᠨᠡᠶᠢᠲᠡᠯᠡᠪᠡ ᠃ ᠪᠥᠬᠥ ᠵᠢᠯ ᠳᠦ ᠣᠷᠣᠨ ᠨᠤᠲᠤᠭ ᠤᠨ ᠣᠶᠢᠯᠠᠯᠭ᠎ᠠ ᠶᠢᠨ ᠲᠣᠭᠠᠴᠢᠯᠠᠬᠤ ᠠᠵᠢᠯ 79 ᠂ 6000.4 ᠲᠦᠮᠡᠨ ᠥᠰᠥᠭ ᠃ ᠡᠭᠦᠨ ᠳᠦ ᠣᠷᠣᠨ ᠨᠤᠲᠤᠭ ᠤᠨ ᠣᠶᠢᠯᠠᠯᠭ᠎ᠠ ᠶᠢᠨ 19 ᠂ 1721.8 ᠲᠦᠮᠡᠨ ᠦᠰᠦᠭ ᠠᠶᠢᠮᠠᠭ ᠬᠣᠲᠠ ᠬᠣᠰᠢᠭᠤ ᠰᠢᠶᠠᠨ ᠤ ᠣᠨ ᠤ ᠣᠶᠢᠯᠠᠪᠤᠷᠢ ᠶᠢᠨ 60 ᠂ 4278.6 ᠲᠦᠮᠡᠨ ᠥᠰᠥᠭ ᠃ 2022 ᠣᠨ ᠤ ᠰᠡᠭᠦᠯᠴᠢ ᠪᠣᠯᠬᠤ ᠳᠤ᠂ ᠬᠥᠮᠥᠷᠭᠡ ᠶᠢᠨ ᠦᠰᠦᠭ ᠦᠨ ᠲᠣᠭ᠎ᠠ 5.19 ᠳ᠋ᠦᠩᠰᠢᠭᠤᠷ ᠂ ᠣᠷᠣᠨ ᠨᠤᠲᠤᠭ ᠤᠨ ᠣᠶᠢᠯᠠᠯᠭ᠎ᠠ᠂ ᠣᠨ ᠤ ᠣᠶᠢᠯᠠᠪᠤᠷᠢ ᠵᠡᠷᠭᠡ ᠨᠢ ᠨᠡᠢᠢᠳᠡ 661 ᠢᠵᠢ ᠪᠠᠶᠢᠵᠤ᠂ ᠲᠤᠰᠬᠠᠢ ᠮᠡᠷᠭᠡᠵᠢᠯ ᠦᠨ ᠦᠭᠡᠰ ᠢ 260 ᠭᠠᠷᠤᠢ ᠲᠦᠮᠡᠨ ᠵᠤᠷᠪᠤᠰ ᠪᠢᠴᠢᠨ ᠣᠷᠣᠭᠤᠯᠵᠤ ᠂ ᠬᠥᠮᠥᠷᠭᠡ ᠶᠢᠨ ᠡᠷᠢᠬᠦ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠨᠠᠮ ᠵᠠᠰᠠᠭ ᠤᠨ ᠪᠠᠢᠭᠤᠯᠭ᠎ᠠ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ 《ᠵᠠᠰᠠᠭ ᠲᠤ ᠲᠤᠰᠠᠯᠠᠬᠤ》ᠲᠦᠷᠭᠡᠨ ᠴᠢᠳᠠᠪᠬᠢ ᠶᠢ ᠬᠠᠩᠭᠠᠪᠠ ᠃ 2022 ᠣᠨ ᠳᠤ᠂ ᠥᠪᠥᠷ ᠮᠣᠩᠭᠣᠯ ᠤᠨ ᠣᠷᠣᠨ ᠤ ᠳᠠᠬᠢ ᠲᠣᠪᠴᠢᠳᠠᠯᠲᠠ 2500 ᠭᠠᠷᠤᠢ ᠲᠦᠮᠡᠨ ᠤᠳᠠᠭ᠎ᠠ ᠳᠤ ᠬᠦᠷᠴᠦ᠂ ᠰᠦᠯᠵᠢᠶᠡᠨ ᠳᠦ ᠦᠵᠡᠭᠰᠡᠨ ᠬᠡᠮᠵᠢᠶ᠎ᠡ 300 ᠭᠠᠷᠤᠢ ᠲᠦᠮᠡᠨ ᠬᠥᠮᠦᠨ ᠤᠳᠠᠭ᠎ᠠ ᠳᠤ ᠬᠦᠷᠴᠡᠢ᠃《ᠥᠪᠥᠷ ᠮᠣᠩᠭᠣᠯ ᠣᠷᠣᠨ ᠨᠤᠲᠤᠭ ᠤᠨ ᠣᠶᠢᠯᠠᠯᠭ᠎ᠠ 》 ᠭᠡᠬᠦ ᠸᠢᠴᠠᠲ ᠤᠨ ᠨᠡᠶᠢᠲᠡ ᠶᠢᠨ ᠳ᠋ᠤᠭᠠᠷ ᠲᠤ ᠪᠥᠬᠥ ᠵᠢᠯ ᠳᠦ 273 ᠬᠤᠭᠤᠴᠠᠭ᠎ᠠ ᠪᠦᠬᠥᠢ 46 ᠲᠥᠮᠡᠨ ᠦᠰᠥᠭ ᠤᠨ 769 ᠵᠣᠬᠢᠶᠠᠯ ᠂ 1718 ᠬᠡᠷᠡᠯ ᠵᠢᠷᠤᠭ ᠨᠡᠢᠲᠡᠯᠡᠪᠡ ᠃《ᠥᠪᠥᠷ ᠮᠣᠩᠭᠣᠯ ᠣᠷᠣᠨ ᠨᠤᠲᠤᠭ ᠤᠨ ᠣᠶᠢᠯᠠᠯᠭ᠎ᠠ》 ᠸᠢᠴᠠᠲ ᠤᠨ ᠨᠡᠶᠢᠲᠡ ᠶᠢᠨ ᠳ᠋ᠤᠭᠠᠷ ᠤᠨ ᠵᠢᠭᠰᠠᠭᠠᠯᠲᠠ ᠨᠢ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠸᠢᠴᠠᠲ ᠤᠨ ᠨᠡᠷᠡᠰ ᠦᠨ ᠬᠣᠷᠢᠨ ᠳᠥᠷᠪᠡᠳᠦᠭᠡᠷ ᠲᠦ ᠣᠷᠣᠵᠤ ᠂ ᠪᠥᠬᠥ ᠤᠯᠤᠰ ᠤᠨ ᠮᠤᠵᠢ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠸᠢᠴᠠᠲ ᠤᠨ ᠨᠡᠷᠡᠰ ᠦᠨ ᠵᠢᠭᠰᠠᠭᠠᠯᠲᠠ ᠳᠤ ᠲᠠᠪᠤᠳᠤᠭᠠᠷ ᠲᠤ ᠣᠷᠣᠪᠠ ᠃( ᠨᠡᠷᠡᠰ ᠦᠨ ᠵᠢᠭᠰᠠᠭᠠᠯᠲᠠ ᠶᠢᠨ ᠵᠢᠷᠤᠭ ᠢ ᠦᠵᠡ )