ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠮᠡᠳᠡᠭᠡ ᠵᠠᠩᠭᠢ ᠶᠢᠨ ᠢᠷᠡᠯᠲᠡ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ 2022 ᠣᠨ ᠤ ᠬᠢᠯᠡᠰ ᠴᠡᠭ ᠠᠵᠢᠯ ︵ ︶
9. ᠥᠪᠥᠷ ᠮᠣᠩᠭᠣᠯ ᠤᠨ ᠦᠶ᠎ᠡ ᠦᠶ᠎ᠡ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠡᠮᠬᠢᠳᠬᠡᠯ ᠢ ᠭᠡᠷᠡᠯ ᠵᠢᠷᠤᠭ ᠢᠶᠠᠷ ᠬᠡᠪᠯᠡᠭᠦᠯᠵᠦ ᠂ ᠪᠥᠬᠥ ᠣᠷᠣᠨ ᠤ ᠡᠷᠲᠡᠨ ᠦ ᠨᠣᠮ ᠪᠢᠴᠢᠭ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠳᠥᠯᠭᠢᠨ ᠠᠬᠢᠭᠤᠯᠪᠠ
2022 ᠣᠨ ᠳᠤ ᠂ 《ᠥᠪᠥᠷ ᠮᠣᠩᠭᠣᠯ ᠤᠨ ᠦᠶ᠎ᠡ ᠦᠶ᠎ᠡ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠡᠮᠬᠢᠳᠬᠡᠯ》 ᠤᠨ ᠬᠡᠷᠡᠯ ᠵᠢᠷᠤᠭ ᠢᠶᠠᠷ ᠬᠡᠪᠯᠡᠭᠦᠯᠬᠦ ᠢᠨᠵᠧᠨᠧᠷᠢᠩ ᠢ ᠵᠢᠩᠬᠢᠨᠢ ᠪᠡᠷ ᠡᠬᠢᠯᠡᠭᠦᠯᠪᠡ ᠃《ᠥᠪᠥᠷ ᠮᠣᠩᠭᠣᠯ ᠤᠨ ᠦᠶ᠎ᠡ ᠦᠶ᠎ᠡ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠡᠮᠬᠢᠳᠬᠡᠯ》ᠪᠣᠯ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠡᠷᠡᠯ ᠵᠢᠷᠤᠭ ᠢᠶᠠᠷ ᠬᠡᠪᠯᠡᠭᠰᠡᠨ ᠭᠣᠶᠣ ᠬᠠᠪᠢᠰᠤᠲᠠᠢ ᠥᠪᠥᠷ ᠮᠣᠩᠭᠣᠯ ᠤᠨ ᠣᠷᠣᠨ ᠨᠤᠲᠤᠭ ᠤᠨ ᠣᠶᠢᠯᠠᠯᠭ᠎ᠠ ᠶᠢᠨ ᠲᠤᠮᠤ ᠬᠡᠯᠪᠡᠷᠢ ᠶᠢᠨ ᠡᠷᠲᠡᠨ ᠦ ᠨᠣᠮ ᠪᠢᠴᠢᠭ ᠦᠨ ᠴᠤᠪᠤᠷᠠᠯ ᠪᠢᠴᠢᠭ ᠪᠣᠯᠬᠤ ᠪᠦᠭᠡᠳ ᠲᠡᠦᠬᠡ ᠶᠢᠨ ᠬᠣᠪᠣᠷ ᠨᠠᠨᠳᠢᠨ ᠰᠤᠷᠪᠤᠯᠵᠢ ᠪᠢᠴᠢᠭ ᠪᠣᠯᠤᠨ᠎ᠠ᠃ ᠡᠮᠬᠢᠳᠬᠡᠬᠦ ᠶᠠᠪᠤᠴᠠ ᠳᠤ ᠤᠭ ᠳᠦᠷᠰᠦ ᠶᠢ ᠨᠢ ᠦᠯᠡᠳᠡᠭᠡᠵᠦ᠂ ᠬᠠᠭᠤᠴᠢᠨ ᠢ ᠨᠢ ᠬᠠᠭᠤᠴᠢᠨ ᠬᠡᠪ ᠢᠶᠡᠷ ᠨᠢ ᠵᠠᠷᠴᠢᠮ ᠢ ᠪᠠᠷᠢᠮᠲᠠᠯᠠᠨ᠂ ᠡᠬᠡ ᠳᠡᠪᠲᠡᠷ ᠨᠢ ᠭᠡᠷᠡᠯ ᠵᠢᠷᠤᠭ ᠢᠶᠠᠷ ᠂ ᠦᠨᠡᠨ ᠨᠢ ᠬᠠᠳᠠᠭᠠᠯᠠᠨ ᠦᠨᠡᠨ ᠢ ᠪᠠᠷᠢᠮᠲᠠᠯᠠᠵᠤ᠂ ᠬᠣᠵᠢᠮ ᠤᠨ ᠬᠥᠮᠦᠰ ᠲᠦ ᠨᠡᠪᠲᠡᠷᠬᠡᠶ ᠲᠤᠯᠢ ᠪᠣᠯᠭᠠᠬᠤ ᠶᠢ ᠵᠣᠷᠢᠪᠠ ᠃ 2022 ᠣᠨ ᠤ 6 ᠰᠠᠷ᠎ᠠ ᠪᠣᠯᠲᠠᠯ᠎ᠠ᠂ ᠤᠷᠢᠳ ᠬᠣᠵᠢᠳ 8 ᠤᠳᠠᠭ᠎ᠠ ᠤᠯᠤᠰ ᠤᠨ ᠨᠣᠮ ᠤᠨ ᠰᠠᠩ᠂ ᠥᠪᠥᠷ ᠮᠣᠩᠭᠣᠯ ᠤᠨ ᠨᠣᠮ ᠤᠨ ᠰᠠᠩ ᠵᠡᠷᠭᠡ ᠲᠡᠶ ᠬᠠᠷᠢᠯᠴᠠᠵᠤ᠂ ᠨᠢᠭᠡᠳᠦᠭᠡᠷ ᠡᠮᠬᠢᠳᠬᠡᠯ ᠦᠨ 23 ᠬᠠᠭᠤᠴᠢᠨ ᠣᠶᠢᠯᠠᠯᠭ᠎ᠠ ᠶᠢᠨ ᠡᠬᠡ ᠨᠤᠤᠷᠠᠭ ᠢ ᠴᠤᠭᠯᠠᠭᠤᠯᠤᠨ ᠡᠮᠬᠢᠳᠬᠡᠪᠡ︔ 8 ᠰᠠᠷ᠎ᠠ ᠳᠤ ᠂ ᠨᠢᠭᠡᠳᠦᠭᠡᠷ ᠡᠮᠬᠢᠳᠬᠡᠯ ᠦᠨ ᠬᠡᠷᠡᠯ ᠵᠢᠷᠤᠭ ᠤᠨ ᠬᠡᠪᠯᠡᠯ ᠦᠨ ᠲᠥᠷᠥᠯ ᠵᠦᠶᠯ ᠦᠨ ᠢᠯᠡ ᠪᠡᠷ ᠳᠠᠭᠠᠭᠠᠴᠢᠯᠠᠯᠲᠠ ᠵᠠᠷᠯᠠᠬᠤ ᠶᠢ ᠳᠠᠭᠤᠰᠬᠠᠪᠠ ︔11 ᠰᠠᠷ᠎ᠠ ᠳᠤ᠂ ᠬᠡᠪᠯᠡᠭᠦᠯᠬᠦ ᠨᠣᠮ ᠤᠨ ᠳ᠋ᠤᠭᠠᠷ ᠭᠤᠶᠤᠴᠢᠯᠠᠬᠤ ᠶᠢ ᠳᠠᠭᠤᠰᠬᠠᠪᠠ ︔12 ᠰᠠᠷ᠎ᠠ ᠳᠤ᠂ ᠶᠠᠩᠵᠦ ᠨᠣᠮ ᠤᠨ ᠬᠢᠨᠠᠨ ᠲᠣᠭᠲᠠᠭᠠᠬᠤ ᠠᠵᠢᠯ ᠢ ᠳᠠᠭᠤᠰᠬᠠᠪᠠ᠃ ᠵᠢᠱᠢᠯᠲᠡ ᠪᠡᠷ 2023 ᠣᠨ ᠤ ᠡᠬᠢ ᠪᠡᠷ ᠨᠣᠮ ᠪᠣᠯᠭᠠᠨ ᠬᠡᠪᠯᠡᠭᠦᠯᠵᠦ ᠭᠠᠷᠭᠠᠬᠤ ᠪᠣᠯᠤᠨ᠎ᠠ ᠃
10. ᠲᠠᠯ᠎ᠠ ᠨᠤᠲᠤᠭ ᠤᠨ ᠲᠣᠷᠭᠠᠨ ᠵᠠᠮ ᠪᠢᠴᠢᠯ ᠸᠢᠳᠢᠣ᠋ ᠶᠢ ᠰᠡᠭᠦᠳᠡᠷᠯᠡᠨ ᠦᠢᠯᠡᠳᠴᠦ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠪᠠ
2022 ᠣᠨ ᠳᠤ᠂ ᠳᠠᠭᠤ ᠳᠦᠷᠰᠦᠲᠦ ᠣᠷᠣᠨ ᠨᠤᠲᠤᠭ ᠤᠨ ᠣᠶᠢᠯᠠᠯᠭ᠎ᠠ《ᠲᠠᠯ᠎ᠠ ᠨᠤᠲᠤᠭ ᠤᠨ ᠲᠣᠷᠭᠠᠨ ᠵᠠᠮ》᠋ ᠤᠨ ᠪᠢᠴᠢᠯ ᠸᠢᠳᠢᠣ᠋ ᠶᠢ ᠰᠡᠭᠦᠳᠡᠷᠯᠡᠨ ᠦᠢᠯᠡᠳᠬᠦ ᠠᠵᠢᠯ ᠢ ᠡᠬᠢᠯᠡᠭᠦᠯᠪᠡ᠃ 4 ᠰᠠᠷ᠎ᠠ ᠳᠤ ᠂ ᠲᠡᠸᠬᠡ ᠰᠣᠶᠣᠯ ᠂ ᠺᠢᠨᠣ᠋ ᠲᠧᠯᠸᠢᠰ ᠦᠶᠯᠡᠳᠬᠦ ᠬᠠᠮᠢᠶ᠎ᠠ ᠪᠥᠬᠥᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠢ ᠵᠣᠬᠢᠶᠠᠨ ᠪᠠᠶᠢᠭᠤᠯᠵᠤ ᠪᠢᠴᠢᠯ ᠬᠠᠷᠠᠭᠠᠨ ᠳᠠᠪᠲᠠᠮᠵᠢ ᠶᠢᠨ ᠰᠡᠭᠦᠳᠡᠷᠯᠡᠨ ᠦᠶᠯᠡᠳᠬᠦ ᠡᠮᠦᠨᠡᠬᠢ ᠬᠤᠭᠤᠴᠠᠭᠠᠨ ᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ ᠂ ᠬᠡᠷᠡᠭᠵᠢᠭᠦᠯᠬᠦ ᠲᠥᠰᠦᠯ ᠲᠣᠭᠲᠠᠭᠠᠨ ᠂ ᠰᠡᠭᠦᠳᠡᠷᠯᠡᠨ ᠦᠶᠯᠡᠳᠬᠦ ᠰᠡᠳᠦᠪ ᠂ ᠰᠡᠳᠬᠢᠴᠡ ᠪᠠ ᠠᠯᠬᠤᠮ ᠳᠠᠷᠠᠭ᠎ᠠ ᠶᠢ ᠲᠣᠭᠲᠠᠭᠠᠪᠠ ᠃ 12 ᠰᠠᠷ᠎ᠠ ᠶᠢᠨ ᠰᠡᠭᠦᠯᠴᠢ ᠪᠣᠯᠲᠠᠯ᠎ᠠ ᠂ 1- 4 ᠪᠦᠯᠦᠭ ᠪᠢᠴᠢᠯ ᠸᠸᠳᠢᠤ᠋ ᠦᠶᠯᠡᠳᠬᠦ ᠠᠵᠢᠯ ᠢ ᠨᠢᠭᠡᠨᠲᠡ ᠪᠡᠶᠡᠯᠡᠭᠦᠯᠦᠭᠰᠡᠨ ᠪᠥᠭᠡᠳ ᠬᠢᠨᠠᠨ ᠲᠣᠭᠲᠠᠭᠠᠵᠤ ᠰᠢᠯᠭᠠᠨ ᠠᠪᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠢᠭᠡᠳᠦᠭᠡᠷ ᠪᠦᠯᠦᠭ ᠦᠨ ᠦᠷ᠎ᠡ ᠪᠦᠲᠦᠭᠡᠯ ᠳᠦ ᠡᠴᠦᠰ ᠦᠨ ᠬᠢᠨᠠᠯᠲᠠ ᠬᠢᠵᠦ ᠰᠢᠯᠭᠠᠨ ᠠᠪᠤᠪᠠ ᠃