ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠭ
ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ ᠨᠡᠭᠡᠭᠡᠯᠲᠡᠲᠦ ᠤᠩᠰᠢᠯᠭ᠎ᠠ ᠶᠢᠨ ᠲᠠᠰᠤᠭ ᠢ ᠵᠢᠩᠬᠢᠨᠢ ᠪᠡᠷ ᠨᠡᠭᠡᠭᠡᠪᠡ

ᠶᠡᠷᠥᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠤᠬᠠᠶ ᠰᠢᠷᠢᠰ ᠴᠢᠬᠤᠯᠠ ᠶᠠᠷᠢᠶ᠎ᠠ ᠵᠢᠴᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠤᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠦ ᠰᠢᠰᠲᠸᠮᠵᠢ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠤᠨ ᠪᠡᠯᠡᠳᠬᠡᠨ ᠪᠠᠶᠢᠭᠤᠯᠤᠭᠰᠠᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠶᠢᠨ ᠨᠡᠭᠡᠭᠡᠯᠲᠡᠲᠦ ᠤᠩᠰᠢᠯᠭ᠎ᠠ ᠶᠢᠨ ᠲᠠᠰᠤᠭ 2023 ᠣᠨ ᠤ 2 ᠰᠠᠷ᠎ᠠ ᠶᠢᠨ 10 ᠋ ᠤ ᠡᠳᠦᠷ ᠵᠢᠩᠬᠢᠨᠢ ᠪᠡᠷ ᠨᠡᠶᠢᠭᠡᠮ ᠳᠦ ᠨᠡᠭᠡᠭᠡᠵᠡᠢ᠃

ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠶᠢᠨ ᠨᠡᠭᠡᠭᠡᠯᠲᠡᠲᠦ ᠤᠩᠰᠢᠯᠭ᠎ᠠ ᠶᠢᠨ ᠲᠠᠰᠤᠭ ᠨᠢ ᠤᠯᠠᠭᠠᠨᠬᠠᠳᠠ ᠬᠤᠳᠠ ᠶᠢᠨ ᠳᠠᠨᠭᠰᠠ ᠡᠪᠬᠡᠮᠡᠯ ᠦᠨ ᠲᠡᠦᠬᠡ ᠣᠶᠢᠯᠠᠯᠭ᠎ᠠ ᠶᠢᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠳᠤ ᠪᠠᠶᠢᠷᠢᠯᠠᠵᠤ᠂ ᠳᠣᠲᠣᠷ᠎ᠠ ᠨᠢ ᠨᠣᠮ ᠪᠢᠴᠢᠭ ᠦᠨ ᠦᠵᠡᠭᠦᠯᠭᠡ ᠶᠢᠨ ᠲᠣᠭᠣᠷᠢᠭ ᠵᠢᠴᠢ ᠥᠪᠡᠷ ᠢᠶᠡᠨ ᠦᠢᠯᠡᠴᠢᠯᠡᠬᠦ ᠤᠩᠰᠢᠯᠭ᠎ᠠ ᠶᠢᠨ ᠲᠣᠭᠣᠷᠢᠭ ᠲᠠᠶ ᠲᠣᠬᠢᠷᠠᠭᠤᠯᠤᠭᠰᠠᠨ ᠪᠠᠶᠢᠵᠤ᠂ ᠣᠷᠴᠢᠨ ᠲᠣᠭᠣᠷᠢᠨ ᠨᠢ ᠭᠣᠶᠢᠳᠠ ᠰᠠᠶᠢᠬᠠᠨ᠂ ᠲᠥᠬᠥᠭᠡᠷᠦᠮᠵᠢ ᠨᠢ ᠪᠦᠷᠢᠨ ᠭᠦᠢᠴᠡᠳ ᠪᠠᠶᠢᠳᠠᠭ᠃ ᠲᠥᠪ ᠦᠨ ᠪᠠ ᠣᠷᠣᠨ ᠨᠤᠲᠤᠭ ᠤᠨ ᠡᠯ᠎ᠡ ᠲᠦᠷᠦᠯ ᠦᠨ ᠨᠠᠮ ᠤᠨ ᠲᠡᠦᠬᠡ ᠶᠢᠨ ᠨᠣᠮ ᠪᠢᠴᠢᠭ ᠵᠢᠴᠢ ᠲᠥᠯᠥᠭᠡᠯᠡᠬᠦ ᠴᠢᠨᠠᠷᠲᠠᠢ᠂ ᠥᠪᠡᠷᠮᠢᠴᠡ ᠣᠨᠴᠠᠯᠢᠭ ᠲᠠᠶ ᠣᠷᠣᠨ ᠨᠤᠲᠤᠭ ᠤᠨ ᠣᠶᠢᠯᠠᠯᠭ᠎ᠠ ᠶᠢᠨ ᠰᠤᠷᠪᠤᠯᠵᠢ ᠪᠢᠴᠢᠭ ᠢ ᠨᠡᠢᠢᠳᠡ 2000 ᠭᠠᠷᠤᠢ ᠳᠡᠪᠲᠡᠷ ᠬᠠᠳᠠᠭᠠᠯᠠᠵᠤ ᠪᠤᠢ᠂ ᠡᠭᠦᠨ ᠳᠦ ᠨᠠᠮ ᠤᠨ ᠲᠡᠦᠬᠡ ᠶᠢᠨ ᠲᠦᠷᠦᠯ ᠦᠨ ᠨᠣᠮ ᠪᠢᠴᠢᠭ 800 ᠭᠠᠷᠤᠢ ᠳᠡᠪᠲᠡᠷ᠂ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠪᠢᠴᠢᠭ 1200 ᠭᠠᠷᠤᠢ ᠳᠡᠪᠲᠡᠷ ᠃ ᠨᠠᠮ ᠤᠨ ᠲᠡᠦᠬᠡ ᠶᠢᠨ ᠨᠣᠮ ᠪᠢᠴᠢᠭ ᠢ ᠤᠨᠤᠯ ᠤᠨ ᠵᠣᠬᠢᠶᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠨᠠᠮ ᠤᠨ ᠲᠡᠦᠬᠡ ᠶᠢᠨ ᠲᠤᠯᠭᠤᠷ ᠪᠢᠴᠢᠭ᠂ ᠨᠠᠮ ᠤᠨ ᠲᠡᠦᠬᠡ ᠶᠢᠨ ᠬᠥᠮᠦᠰ᠂ ᠲᠤᠰᠬᠠᠢ ᠰᠡᠳᠦᠪᠲᠦ ᠨᠠᠮ ᠤᠨ ᠲᠡᠦᠬᠡ ᠪᠠ ᠣᠷᠣᠨ ᠨᠤᠲᠤᠭ ᠤᠨ ᠨᠠᠮ ᠤᠨ ᠲᠡᠦᠬᠡ ᠭᠡᠬᠦ ᠵᠢᠷᠭᠤᠭᠠᠨ ᠶᠡᠬᠡ ᠲᠦᠷᠦᠯ ᠳᠦ ᠬᠤᠪᠢᠶᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ 1921 ᠣᠨ ᠳᠤ ᠨᠠᠮ ᠪᠠᠶᠢᠭᠤᠯᠤᠭᠳᠠᠭᠰᠠᠨ ᠠᠴᠠ ᠨᠠᠰᠢᠬᠢ ᠡᠯ᠎ᠡ ᠲᠡᠦᠬᠡᠨ ᠴᠠᠭ ᠦᠶ᠎ᠡ᠂ ᠲᠡᠦᠬᠡᠨ ᠬᠡᠷᠡᠭ ᠶᠠᠪᠤᠳᠠᠯ᠂ ᠴᠢᠬᠤᠯᠠ ᠬᠥᠮᠦᠰ᠂ ᠴᠢᠬᠤᠯᠠ ᠬᠤᠷᠠᠯ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠬᠠᠮᠤᠷᠤᠭᠰᠠᠨ ᠨᠣᠮ ᠪᠢᠴᠢᠭ ᠲᠤᠯᠭᠤᠷ ᠪᠢᠴᠢᠭ ᠢ ᠪᠠᠭᠲᠠᠭᠠᠵᠠᠢ᠃ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠪᠢᠴᠢᠭ ᠲᠦ ᠣᠷᠣᠨ ᠨᠤᠲᠤᠭ ᠤᠨ ᠣᠶᠢᠯᠠᠯᠭ᠎ᠠ ᠪᠠ ᠣᠨ ᠤ ᠪᠠᠭᠲᠠᠨ᠎ᠠ᠂ ᠣᠷᠣᠨ ᠨᠤᠲᠤᠭ ᠤᠨ ᠣᠶᠢᠯᠠᠯᠭ᠎ᠠ ᠶᠢᠨ ᠲᠦᠷᠦᠯ ᠦᠨ ᠨᠣᠮ ᠪᠢᠴᠢᠭ ᠲᠦ ᠡᠯ᠎ᠡ ᠭᠠᠵᠠᠷ ᠣᠷᠣᠨ ᠤ ᠡᠭᠡᠯᠵᠢ ᠶᠢᠨ ᠶᠡᠷᠦᠩᠬᠡᠶᠢᠯᠡᠭᠰᠡᠨ ᠣᠷᠣᠨ ᠨᠤᠲᠤᠭ ᠤᠨ ᠣᠶᠢᠯᠠᠯᠭ᠎ᠠ᠂ ᠲᠤᠰᠬᠠᠢ ᠮᠡᠷᠭᠡᠵᠢᠯ ᠦᠨ ᠣᠶᠢᠯᠠᠯᠭ᠎ᠠ ᠵᠢᠴᠢ ᠬᠡᠰᠡᠭ ᠮᠣᠩᠭᠣᠯ ᠬᠡᠯᠡᠨ ᠦ ᠣᠷᠣᠨ ᠨᠤᠲᠤᠭ ᠤᠨ ᠣᠶᠢᠯᠠᠯᠭ᠎ᠠ ᠪᠠᠭᠲᠠᠨ᠎ᠠ ᠣᠨ ᠤ ᠶᠢᠨ ᠲᠦᠷᠦᠯ ᠦᠨ ᠨᠣᠮ ᠪᠢᠴᠢᠭ ᠲᠦ ᠤᠯᠤᠰ ᠤᠨ ᠣᠨ ᠤ ᠂ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠤ ᠂ ᠲᠤᠰᠬᠠᠢ ᠮᠡᠷᠭᠡᠵᠢᠯ ᠦᠨ ᠣᠨ ᠤ ᠵᠡᠷᠭᠡ ᠪᠠᠭᠲᠠᠨ᠎ᠠ᠃ ᠣᠳᠣ ᠪᠠᠶᠢᠭ᠎ᠠ ᠦᠵᠡᠭᠦᠯᠭᠡ ᠨᠢ ᠲᠡᠦᠬᠡ ᠣᠶᠢᠯᠠᠯᠭ᠎ᠠ ᠶᠢᠨ ᠨᠣᠮ ᠤᠨ ᠪᠠᠭᠠᠵᠢ ᠶᠢᠨ ᠰᠢᠨᠵᠢ ᠂ ᠮᠠᠲ᠋ᠧᠷᠢᠶᠠᠯ ᠤᠨ ᠰᠢᠨᠵᠢ ᠂ ᠠᠬᠤᠶᠢᠴᠢ ᠰᠢᠨᠵᠢ ᠪᠠ ᠡᠷᠬᠡ ᠰᠦᠷᠲᠦ ᠴᠢᠨᠠᠷ ᠵᠡᠷᠭᠡ ᠣᠨᠴᠠᠯᠢᠭ ᠢ ᠠᠳᠠᠯᠢ ᠪᠤᠰᠤ ᠲᠠᠯ᠎ᠠ ᠠᠴᠠ ᠃



ᠤᠩᠰᠢᠯᠭ᠎ᠠ ᠶᠢᠨ ᠲᠠᠰᠤᠭ ᠢ ᠨᠡᠭᠡᠭᠡᠭᠰᠡᠨ ᠲᠤᠬᠠᠢ ᠶᠢᠨ ᠡᠳᠦᠷ᠂ ᠤᠯᠠᠭᠠᠨᠬᠠᠳᠠ ᠬᠤᠳᠠ ᠶᠢᠨ ᠰᠣᠶᠣᠯ ᠲᠡᠦᠬᠡ ᠶᠢᠨ ᠵᠥᠪᠯᠡᠯ ᠦᠨ ᠤᠳᠤᠷᠢᠳᠤᠯᠭ᠎ᠠ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠶᠢᠨ ᠨᠡᠭᠡᠭᠡᠯᠲᠡᠲᠦ ᠤᠩᠰᠢᠯᠭ᠎ᠠ ᠶᠢᠨ ᠲᠠᠰᠤᠭ ᠲᠤ ᠬᠦᠷᠴᠦ ᠰᠢᠨᠵᠢᠯᠡᠨ ᠪᠠᠶᠢᠴᠠᠭᠠᠭᠰᠠᠨ ᠪᠥᠭᠡᠳ ᠥᠨᠳᠥᠷ ᠦᠨᠡᠯᠡᠯᠲᠡ ᠥᠭᠴᠡᠢ᠃