ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠭ
ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠬᠢᠨ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠣᠮ ᠤᠨ ᠰᠠᠩ ᠳᠤ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠪᠢᠴᠢᠭ ᠬᠠᠨᠳᠢᠪᠯᠠᠪᠠ
2023 ᠣᠨ ᠤ 5 ᠰᠠᠷ᠎ᠠ ᠶᠢᠨ 17 ᠤ ᠡᠳᠦᠷ ᠦᠨ ᠦᠳᠡ ᠶᠢᠨ ᠡᠮᠦᠨ᠎ᠡ ᠂ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠬᠢᠨ ᠦ ᠤᠯᠠᠭᠠᠨᠬᠠᠳᠠ ᠳᠡᠭᠡᠳᠦ ᠰᠤᠷᠭᠠᠭᠤᠯᠢ ᠳᠤ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠪᠢᠴᠢᠭ ᠬᠠᠨᠳᠢᠪᠯᠠᠬᠤ ᠶᠣᠰᠣᠯᠠᠯ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠶᠠᠪᠤᠭᠳᠠᠵᠤ ᠂ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠳᠠᠷᠤᠭ᠎ᠠ ᠯᠢᠦᠶ ᠰᠢᠤᠸᠠᠢ ᠱᠧᠩ ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠣᠮ ᠤᠨ ᠰᠠᠩ ᠤᠨ ᠳᠠᠷᠤᠭ᠎ᠠ ᠶᠠᠩ ᠰᠢᠶᠤᠤ ᠲᠣᠰ ᠲᠣᠰ ᠬᠠᠨᠳᠢᠪᠯᠠᠨ ᠬᠦᠷᠭᠡᠬᠦ ᠶᠠᠷᠢᠯᠴᠠᠬᠤ ᠬᠤᠷᠠᠯ ᠪᠣᠯᠣᠨ ᠨᠣᠮ ᠪᠢᠴᠢᠭ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠤ ᠣᠷᠣᠯᠴᠠᠪᠠ ᠃

ᠶᠠᠷᠢᠯᠴᠠᠬᠤ ᠬᠤᠷᠠᠯ ᠳᠡᠭᠡᠷ᠎ᠡ ᠂ ᠨᠣᠮ ᠤᠨ ᠰᠠᠩ ᠤᠨ ᠳᠠᠷᠤᠭ᠎ᠠ ᠶᠠᠩ ᠰᠢᠶᠤᠤ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠳᠤ ᠲᠠᠯᠠᠷᠬᠠᠯ ᠢᠶᠠᠨ ᠢᠯᠡᠳᠬᠡᠪᠡ ᠃ ᠲᠡᠷᠡ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠢᠨ ᠦ ᠤᠯᠠᠭᠠᠨᠬᠠᠳᠠ ᠶᠡᠬᠡ ᠰᠤᠷᠭᠠᠭᠤᠯᠢ ᠶᠢ ᠡᠭᠦᠳᠦᠨ ᠠᠬᠢᠴᠠ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃

ᠨᠣᠮ ᠤᠨ ᠰᠠᠩ ᠤᠨ ᠳᠠᠷᠤᠭ᠎ᠠ ᠯᠢᠦᠶ ᠰᠢᠤᠸᠠᠢ ᠱᠧᠩ ᠵᠢᠭᠠᠵᠤ ᠭᠠᠷᠭᠠᠭᠰᠠᠨ ᠨᠢ ᠂ ᠤᠯᠠᠭᠠᠨᠬᠠᠳᠠ ᠳᠡᠭᠡᠳᠦ ᠰᠤᠷᠭᠠᠭᠤᠯᠢ ᠤᠯᠠᠭᠠᠨᠬᠠᠳᠠ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠦᠨ ᠳᠠᠭᠠᠭᠤᠯᠤᠭᠴᠢ ᠪᠣᠯᠤᠭᠰᠠᠨ ᠤ ᠬᠤᠪᠢ ᠳᠤ ᠂ ᠲᠤᠰᠬᠠᠶ ᠠᠩᠭᠢ ᠂ ᠵᠢᠩᠬᠢᠨᠢ ᠠᠩᠭᠢ ᠠᠴᠠ ᠠᠰᠫᠢᠷᠠᠨᠲ ᠬᠥᠮᠦᠵᠢᠭᠦᠯᠬᠦ ᠬᠦᠷᠲᠡᠯᠡᠬᠢ ᠴᠢᠬᠤᠯᠠ ᠶᠡᠬᠡ ᠰᠢᠪᠲᠤᠯᠤᠯᠲᠠ ᠶᠢ ᠪᠡᠶᠡᠯᠡᠭᠦᠯᠪᠡ ᠃ ᠨᠣᠮ ᠤᠨ ᠰᠠᠩ ᠤᠨ ᠳᠠᠷᠤᠭ᠎ᠠ ᠯᠢᠦᠶ ᠰᠢᠤᠸᠠᠢ ᠱᠧᠩ ᠤᠯᠠᠭᠠᠨᠬᠠᠳᠠ ᠳᠡᠭᠡᠳᠦ ᠰᠤᠷᠭᠠᠭᠤᠯᠢ ᠤᠯᠠᠭᠠᠨᠬᠠᠳᠠ ᠶᠡᠬᠡ ᠰᠤᠷᠭᠠᠭᠤᠯᠢ ᠡᠷᠲᠡᠬᠡᠨ ᠠᠮᠵᠢᠯᠲᠠ ᠤᠯᠬᠤ ᠶᠢ ᠬᠦᠰᠡᠨ ᠵᠥᠩᠨᠡᠪᠡ ᠃

ᠲᠣᠰ ᠤᠳᠠᠭᠠᠨ ᠤ ᠬᠠᠨᠳᠢᠪᠯᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠪᠢᠴᠢᠭ ᠲᠦ ᠤᠯᠠᠭᠠᠨᠬᠠᠳᠠ ᠬᠣᠲᠠ ᠵᠢᠴᠢ ᠬᠣᠰᠢᠭᠤ ᠰᠢᠶᠠᠨ ᠲᠣᠭᠣᠷᠢᠭ ᠤᠨ ᠨᠢᠭᠡᠳᠦᠭᠡᠷ ᠂ ᠬᠣᠶᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠪᠢᠴᠢᠭ ᠂ ᠤᠯᠠᠭᠠᠨᠬᠠᠳᠠ ᠬᠣᠲᠠ ᠵᠢᠴᠢ ᠡᠯ᠎ᠡ ᠬᠣᠰᠢᠭᠤ ᠰᠢᠶᠠᠨ ᠲᠣᠭᠣᠷᠢᠭ ᠤᠨ ᠣᠨ ᠤ ᠨᠡᠶᠢᠲᠡ 70 ᠭᠠᠷᠤᠶ ᠳᠡᠪᠲᠡᠷ ᠪᠣᠶ ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠣᠮ ᠤᠨ ᠰᠠᠩ ᠤᠨ ᠠᠯᠪᠠᠨ ᠬᠡᠷ ᠂ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠥᠶ ᠬᠥᠮᠦᠰ ᠂ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠰᠠᠯᠠᠭ᠎ᠠ ᠂ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ᠰᠠᠯᠠᠭᠠᠨ ᠤ ᠬᠠᠮᠢᠶ᠎ᠠ ᠪᠥᠬᠥᠶ ᠬᠥᠮᠦᠰ ᠬᠠᠨᠳᠢᠪᠯᠠᠨ ᠬᠦᠷᠭᠡᠬᠦ ᠶᠣᠰᠣᠯᠠᠯ ᠳᠤ ᠣᠷᠣᠯᠴᠠᠵᠠᠶ ᠃