ᠵᠤᠬᠢᠶᠠᠭᠴᠢ:
ᠴᠠᠭ:2023-07-21
ᠥᠵᠡᠭᠰᠡᠨ : ℃
ᠢᠷᠡᠯᠲᠡ: ᠣᠷᠣᠨ ᠨᠤᠲᠤᠭ ᠤᠨ ᠣᠶᠢᠯᠠᠯᠭ᠎ᠠ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠭᠣᠸᠯ ᠰᠡᠳᠦᠪᠲᠦ ᠬᠥᠮᠦᠵᠢᠯ ᠦᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ︵ ᠳᠤᠮᠳᠠ ᠬᠤᠭᠤᠴᠠᠭ᠎ᠠ ︶ ᠬᠤᠷᠠᠯ ᠬᠤᠷᠠᠯᠳᠤᠭᠤᠯᠪᠠ
ᠪᠠᠶᠢᠴᠠᠭᠠᠨ ᠰᠤᠳᠤᠯᠤᠯᠲᠠ ᠬᠢᠬᠦ ᠪᠣᠯ ᠦᠨᠡᠨ ᠮᠡᠳᠡᠯᠭᠡ ᠨᠡᠪᠲᠡᠷᠬᠡᠶ ᠦᠵᠡᠯᠲᠡ ᠲᠡᠶ ᠪᠣᠯᠬᠤ ᠶᠢᠨ ᠠᠮᠢᠳᠤ ᠤᠰᠤᠨ ᠤ ᠡᠬᠢ ᠰᠤᠷᠪᠤᠯᠵᠢ ᠮᠥᠨ᠂ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠪᠣᠯᠪᠠᠰᠤᠷᠠᠯ ᠮᠥᠨ᠃ ᠭᠣᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠡᠴᠡ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠬ ᠥᠪᠡᠷᠲᠡᠭᠡᠨ ᠵᠠᠰᠠᠬᠤ ᠣᠷᠣᠨ ᠤ ᠲᠡᠦᠬᠡ ᠣᠶᠢᠯᠠᠯᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠪᠣᠳᠠᠲᠠᠢ ᠪᠠᠶᠢᠴᠠᠭᠠᠨ ᠰᠤᠳᠤᠯᠬᠤ ᠲᠥᠰᠦᠯ ᠲᠣᠭᠲᠠᠭᠠᠵᠤ᠂ 21 ᠭᠣᠣᠯᠳᠠᠯᠭ᠎ᠠ ᠲᠠᠶ ᠪᠠᠶᠢᠴᠠᠭᠠᠨ ᠰᠤᠳᠤᠯᠬᠤ ᠰᠡᠳᠦᠪ ᠢ ᠲᠣᠳᠣᠷᠬᠠᠶᠢᠯᠠᠵᠤ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠃7 ᠰᠠᠷ᠎ᠠ ᠶᠢᠨ 1 ᠦ ᠡᠳᠦᠷ ᠦᠨ ᠦᠳᠡ ᠶᠢᠨ ᠬᠣᠶᠢᠨᠠ ᠂ ᠭᠣᠸᠯ ᠰᠡᠳᠦᠪᠲᠦ ᠬᠥᠮᠦᠵᠢᠯ ᠦᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ︵ ᠳᠤᠮᠳᠠ ᠬᠤᠭᠤᠴᠠᠭ᠎ᠠ ︶ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠭᠣᠣᠯ ᠰᠡᠳᠦᠪᠲᠦ ᠬᠥᠮᠦᠵᠢᠯ ᠦᠨ ᠠᠷᠪᠠᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠤᠨ ᠪᠦᠷᠢᠯᠳᠦᠬᠦᠨ ᠵᠢᠢ ᠴᠢᠦ ᠴᠧᠩ ᠬᠤᠷᠠᠯ ᠳᠤ ᠣᠷᠣᠯᠴᠠᠨ ᠵᠢᠭᠠᠨ ᠵᠢᠯᠣᠭᠣᠳᠪᠠ᠃

ᠲᠠᠰᠤᠭ ᠤᠨ ᠤᠳᠤᠷᠢᠳᠬᠤ ᠪᠠᠭ 《 ᠵᠠᠰᠠᠭ ᠲᠤ ᠲᠤᠰᠠᠯᠠᠵᠤ ᠳᠤᠮᠳᠠᠬᠢ ᠲᠡᠦᠬᠡ ᠣᠶᠢᠯᠠᠯᠭ᠎ᠠ ᠶᠢᠨ ᠡᠬᠢ ᠪᠠᠶᠠᠯᠢᠭ ᠤᠨ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ 》 ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ 《 ᠪᠦᠬᠦ ᠣᠷᠣᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠶᠢ ᠳᠡᠭᠡᠭᠰᠢᠯᠡᠭᠦᠯᠬᠦ ᠠᠰᠠᠭᠤᠳᠠᠯ ᠤᠨ ᠲᠤᠬᠠᠢ ᠰᠤᠳᠤᠯᠤᠯ》 ᠬᠤᠪᠢ ᠬᠥᠮᠦᠨ ᠦ ᠪᠠᠶᠢᠴᠠᠭᠠᠨ ᠰᠤᠳᠤᠯᠤᠯᠲᠠ ᠃ ᠲᠠᠰᠤᠭ ᠤᠨ ᠳᠡᠳ᠋ ᠡᠷᠬᠢᠯᠡᠭᠴᠢ᠂ ᠲᠠᠰᠤᠭ ᠤᠨ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠾᠧ ᠪᠢᠶᠤᠤ ᠂ ᠬᠠᠶ ᠱᠠᠨ ᠂ ᠯᠢ ᠬᠣᠩ ᠲᠣᠰ ᠲᠣᠰ 《 ᠰᠢᠨ᠎ᠡ ᠡᠭᠦᠷᠭᠡ ᠬᠠᠷᠢᠭᠤᠴᠠᠯᠭ᠎ᠠ ᠪᠠᠨ ᠪᠠᠲᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠪᠥᠬᠥ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠶ᠎ᠠ 》 《 ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠰᠠᠯᠠᠭ᠎ᠠ ᠮᠥᠴᠢᠷ ᠦᠨ ᠨᠠᠮ ᠤᠨ ᠲᠡᠸᠬᠡ ᠶᠢᠨ ᠤᠬᠠᠭᠤᠯᠭ᠎ᠠ ᠬᠥᠮᠦᠵᠢᠯ ᠦᠨ ᠴᠢᠳᠠᠮᠵᠢ ᠶᠢ ᠪᠠᠳᠠᠷᠠᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ 》 《 ᠨᠠᠮ ᠤᠨ ᠠᠷᠪᠠᠨ ᠨᠠᠶᠮᠠᠳᠤᠭᠠᠷ ᠶᠡᠬᠡ ᠬᠤᠷᠠᠯ ᠠᠴᠠ ᠨᠠᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠵᠠᠰᠠᠭ ᠲᠤ ᠲᠤᠰᠠᠯᠠᠬᠤ ᠴᠢᠳᠠᠮᠵᠢ ᠶᠢ ᠪᠠᠳᠠᠷᠠᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ 》 ᠭᠡᠬᠦ ᠰᠡᠳᠦᠪ ᠢᠶᠡᠷ ᠪᠠᠶᠢᠴᠠᠭᠠᠨ ᠰᠤᠳᠤᠯᠤᠯᠲᠠ ᠰᠣᠯᠢᠯᠴᠠᠪᠠ ᠃ ᠭᠠᠵᠠᠷ ᠬᠡᠷ ᠦᠨ 11 ᠨᠡᠷᠡᠰ ᠬᠠᠷᠢᠭᠤᠴᠠᠯᠭᠠᠲᠠᠨ ᠭᠠᠵᠠᠷ ᠬᠡᠷ ᠦᠨ ᠡᠭᠦᠷᠭᠡ ᠬᠠᠷᠢᠭᠤᠴᠠᠯᠭ᠎ᠠ ᠲᠠᠶ ᠪᠠᠨ ᠤᠶᠠᠯᠳᠤᠭᠤᠯᠤᠨ ᠲᠣᠰ ᠲᠣᠰ ᠠᠯᠪᠠᠨ ᠬᠡᠷ ᠦᠨ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠦᠶᠯᠡᠴᠢᠯᠡᠭᠡᠨ ᠦ ᠪᠠᠲᠤᠯᠠᠭ᠎ᠠ ᠶᠢ ᠴᠢᠩᠭᠠᠳᠬᠠᠬᠤ ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠂ ᠲᠡᠸᠬᠡ ᠶᠢᠨ ᠮᠠᠲ᠋ᠧᠷᠢᠶᠠᠯ ᠢ ᠂ ᠣᠷᠣᠨ ᠤ ᠣᠶᠢᠯᠠᠯᠭ᠎ᠠ ᠨᠠᠶᠢᠷᠠᠭᠤᠯᠠᠬᠤ ᠪᠡᠷᠬᠡ ᠠᠰᠠᠭᠤᠳᠠᠯ ᠂ ᠪᠥᠬᠥ ᠣᠷᠣᠨ ᠤ ᠰᠢᠶᠠᠩ ᠪᠠᠯᠭᠠᠰᠤ ︵ ᠲᠣᠰᠬᠣᠨ ︶ ᠶᠢᠨ ᠣᠶᠢᠯᠠᠯᠭ᠎ᠠ ᠶᠢ ᠂ ᠣᠨ ᠤ ᠵᠡᠷᠭᠡ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠪᠠ ᠦᠷ᠎ᠡ ᠪᠦᠲᠦᠭᠡᠯ ᠬᠠᠷᠢᠭᠤ ᠮᠡᠳᠡᠭᠦᠯᠵᠦ ᠰᠣᠯᠢᠯᠴᠠᠪᠠ ᠃
ᠳ᠋ᠦ᠋ ᠢ ᠰᠢᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠭᠣᠸᠯ ᠰᠡᠳᠦᠪᠲᠦ ᠬᠥᠮᠦᠵᠢᠯ ᠦᠨ ᠠᠷᠪᠠᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠤᠨ ᠪᠦᠷᠢᠯᠳᠦᠬᠦᠨ ᠨᠡᠷ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠰᠤᠳᠤᠯᠤᠨ ᠶᠠᠷᠢᠯᠴᠠᠵᠤ ᠨᠤᠲᠠᠯᠠᠪᠠ ᠃