ᠵᠤᠬᠢᠶᠠᠭᠴᠢ:
ᠴᠠᠭ:2023-09-22
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠂ ᠭᠣᠸᠯᠳᠠᠯᠭ᠎ᠠ ᠲᠠᠶ ᠠᠵᠤ ᠠᠬᠤᠶᠢᠯᠠᠯ ᠤᠨ ᠣᠶᠢᠯᠠᠯᠭ᠎ᠠ ᠶᠢᠨ ᠴᠤᠪᠤᠷᠠᠯ ᠪᠢᠴᠢᠭ ᠨᠠᠶᠢᠷᠠᠭᠤᠯᠬᠤ ᠲᠤᠬᠠᠶᠢᠯᠠᠭᠰᠠᠨ ᠠᠵᠢᠯ ᠤᠨ
ᠬᠣᠶᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠤᠳᠠᠯ ᠦᠭᠡᠢ ᠡᠬᠢᠯᠡᠬᠦ ᠭᠡᠵᠦ ᠪᠠᠶᠢᠭ᠎ᠠ ᠦᠶ᠎ᠡ ᠳᠦ᠂ 2023 ᠣᠨ ᠤ 6 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠬ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ᠂ ᠭᠣᠣᠯᠳᠠᠯᠭ᠎ᠠ ᠲᠠᠶ ᠠᠵᠤ ᠠᠬᠤᠶᠢᠯᠠᠯ ᠤᠨ ᠣᠶᠢᠯᠠᠯᠭ᠎ᠠ ᠶᠢᠨ ᠴᠤᠪᠤᠷᠠᠯ ᠪᠢᠴᠢᠭ ᠢ ᠨᠠᠶᠢᠷᠠᠭᠤᠯᠬᠤ ᠠᠵᠢᠯ ᠢ ᠡᠬᠢᠯᠡᠭᠦᠯᠵᠡᠢ᠃《ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠣᠶᠢᠯᠠᠯᠭ᠎ᠠ》ᠵᠡᠷᠭᠡ 34 ᠶᠡᠬᠡ ᠳᠡᠭᠡᠳᠦ ᠰᠤᠷᠭᠠᠭᠤᠯᠢ ᠶᠢᠨ ᠣᠶᠢᠯᠠᠯᠭ᠎ᠠ ᠂ 《ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠣᠶᠢᠯᠠᠯᠭ᠎ᠠ》ᠵᠡᠷᠭᠡ 17 ᠠᠵᠤ ᠠᠬᠤᠶᠢᠯᠠᠯ ᠤᠨ ᠣᠶᠢᠯᠠᠯᠭ᠎ᠠ ᠶᠢ ᠠᠩᠬᠠᠨ ᠤ ᠪᠦᠯᠦᠭ ᠦᠨ ᠴᠤᠪᠤᠷᠠᠯ ᠪᠢᠴᠢᠭ ᠨᠠᠶᠢᠷᠠᠭᠤᠯᠬᠤ ᠲᠥᠯᠥᠪᠵᠢᠭᠦᠯᠭᠡ ᠳᠦ ᠣᠷᠣᠭᠤᠯᠪᠠ ᠃ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ ᠂ 9 ᠰᠠᠷ᠎ᠠ ᠶᠢᠨ 13 ︱ 15 ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠬᠥᠬᠡᠬᠣᠲᠠ ᠳᠤ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠂ ᠭᠣᠸᠯᠳᠠᠯᠭ᠎ᠠ ᠲᠠᠶ ᠠᠵᠤ ᠠᠬᠤᠶᠢᠯᠠᠯ ᠤᠨ ᠣᠶᠢᠯᠠᠯᠭ᠎ᠠ ᠶᠢᠨ ᠴᠤᠪᠤᠷᠠᠯ ᠪᠢᠴᠢᠭ ᠨᠠᠶᠢᠷᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠾᠧ ᠪᠢᠶᠤᠤ ᠂ ᠬᠠᠶ ᠱᠠᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠲᠤᠬᠠᠶᠢᠯᠠᠭᠰᠠᠨ ᠠᠵᠢᠯ ᠤᠨ ᠭᠠᠵᠠᠷ ᠵᠡᠷᠭᠡ ᠬᠠᠮᠢᠶ᠎ᠠ ᠪᠥᠬᠥᠶ ᠭᠠᠵᠠᠷ ᠤᠨ ᠠᠵᠢᠯᠲᠠᠨ ᠂ ᠥᠪᠥᠷ ᠮᠣᠩᠭᠣᠯ ᠤᠨ ᠶᠡᠬᠡ ᠰᠤᠷᠭᠠᠭᠤᠯᠢ ᠂ ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠵᠡᠷᠭᠡ ᠴᠤᠪᠤᠷᠠᠯ ᠪᠢᠴᠢᠭ ᠨᠠᠶᠢᠷᠠᠭᠤᠯᠬᠤ ᠶᠢᠨ ᠬᠠᠮᠢᠶ᠎ᠠ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠨᠥᠬᠥᠳ ᠪᠠ ᠨᠠᠶᠢᠷᠠᠭᠤᠯᠬᠤ ᠠᠵᠢᠯᠲᠠᠨ ᠨᠡᠶᠢᠲᠡ 130 ᠭᠠᠷᠤᠶ ᠪᠣᠯᠪᠠᠰᠤᠷᠠᠭᠤᠯᠤᠯ ᠳᠤ ᠣᠷᠣᠯᠴᠠᠵᠠᠶ ᠃




14 ᠦ ᠡᠳᠦᠷ ᠦᠨ ᠦᠳᠡ ᠶᠢᠨ ᠡᠮᠦᠨᠡᠬᠢ ᠰᠤᠷᠤᠯᠭ᠎ᠠ ᠡᠬᠢᠯᠡᠬᠦ ᠶᠣᠰᠣᠯᠠᠯ ᠢ ᠡᠦ ᠬᠠᠶ ᠱᠠᠨ ᠡᠷᠭᠢᠯᠡᠵᠦ ᠂ ᠾᠧ ᠪᠢᠶᠤᠤ ᠶᠠᠷᠢᠶ᠎ᠠ ᠲᠠᠯᠪᠢᠵᠠᠶ ᠃ ᠾᠧ ᠪᠢᠶᠤᠤ᠂ ᠲᠡᠦᠬᠡ ᠣᠶᠢᠯᠠᠯᠭ᠎ᠠ ᠨᠠᠶᠢᠷᠠᠭᠤᠯᠬᠤ ᠪᠣᠯ ᠳᠤᠮᠳᠠᠳᠤ ᠶᠢᠨ ᠦᠨᠳᠦᠰᠦᠲᠡᠨ ᠦ ᠰᠢᠯᠢᠳᠡᠭ ᠤᠯᠠᠮᠵᠢᠯᠠᠯ ᠮᠥᠨ᠃ ᠥᠪᠡᠷᠲᠡᠭᠡᠨ ᠵᠠᠰᠠᠬᠤ ᠣᠷᠣᠨ ᠤ ᠬᠣᠶᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠦ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠶᠡᠬᠡ ᠳᠡᠭᠡᠳᠦ ᠰᠤᠷᠭᠠᠭᠤᠯᠢ ᠶᠢᠨ ᠣᠶᠢᠯᠠᠯᠭ᠎ᠠ ᠂ ᠠᠵᠤ ᠠᠬᠤᠶᠢᠯᠠᠯ ᠤᠨ ᠣᠶᠢᠯᠠᠯᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠵᠣᠷᠢᠯᠭ᠎ᠠ ᠪᠣᠯ ᠳᠠᠷᠤᠶ ᠣᠷᠣᠨ ᠨᠤᠲᠤᠭ ᠤᠨ ᠣᠶᠢᠯᠠᠯᠭ᠎ᠠ ᠶᠢᠨ 《ᠲᠡᠸᠬᠡ ᠶᠢ ᠬᠠᠳᠠᠭᠠᠯᠠᠬᠤ ᠂ ᠵᠠᠰᠠᠭ ᠲᠤ ᠲᠤᠰᠠᠯᠠᠬᠤ ᠂ 》ᠴᠢᠳᠠᠮᠵᠢ ᠶᠢ ᠭᠦᠶᠴᠡᠳ ᠪᠠᠳᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠶᠡᠬᠡ ᠲᠠᠯ᠎ᠠ ᠳᠤ ᠦᠶᠯᠡᠴᠢᠯᠡᠨ ᠂ 《ᠤᠮᠠᠷᠠᠲᠤ ᠬᠢᠯᠢ ᠶᠢᠨ ᠰᠣᠶᠣᠯ 》 ᠤᠨ ᠨᠠᠷᠠᠲᠤ ᠲᠥᠷᠥᠯ ᠡᠭᠦᠳᠬᠦ ᠳᠦ ᠬᠦᠴᠦᠨ ᠨᠡᠮᠡᠷᠢᠯᠡᠵᠦ ᠂ ᠬᠠᠮᠢᠶ᠎ᠠ ᠪᠥᠬᠥᠶ ᠠᠵᠢᠯ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ ᠃ ᠲᠠᠷᠠᠭᠠᠴᠢ ᠶᠢᠨ ᠠᠯᠬᠤᠮ ᠤᠨ ᠴᠤᠪᠤᠷᠠᠯ ᠪᠢᠴᠢᠭ ᠨᠠᠶᠢᠷᠠᠭᠤᠯᠬᠤ ᠠᠵᠢᠯ ᠳᠤ ᠲᠡᠷᠡ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠣᠶᠠᠷ ᠲᠤ ᠰᠣᠳᠣᠨ ᠪᠦᠲᠦᠭᠡᠯ ᠤᠬᠠᠮᠰᠠᠷ ᠢ ᠪᠤᠢ ᠪᠣᠯᠭᠠᠬᠤ ᠬᠡᠷᠡᠭᠲᠡᠶ᠃ ᠭᠤᠷᠪᠠ ᠳᠤ ᠨᠠᠶᠢᠷᠠᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠶ᠃
ᠪᠣᠯᠪᠠᠰᠤᠷᠠᠭᠤᠯᠤᠯ ᠤᠨ ᠠᠩᠭᠢ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠭᠠᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ ᠦᠨ ᠣᠷᠣᠨ ᠨᠤᠲᠤᠭ ᠤᠨ ᠣᠶᠢᠯᠠᠯᠭ᠎ᠠ ᠶᠢᠨ ᠭᠠᠵᠠᠷ ᠤᠨ ᠳᠡᠳ᠋ ᠳᠠᠷᠤᠭ᠎ᠠ ᠂ ᠬᠣᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠳ᠋ᠠᠨ ᠯᠢᠨ ᠢ ᠤᠷᠢᠵᠤ ᠂ ᠱᠠᠩᠬᠠᠶ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠲᠤᠰᠬᠠᠶ ᠣᠶᠢᠯᠠᠯᠭ᠎ᠠ ᠶᠢᠨ ᠠᠵᠢᠯ ᠤᠨ ᠭᠠᠵᠠᠷ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠬᠠᠷᠢᠭᠤᠴᠠᠯᠭᠠᠲᠠᠨ ᠱᠠᠩᠬᠠᠶ ᠬᠣᠲᠠ ᠶᠢᠨ ᠣᠷᠣᠨ ᠨᠤᠲᠤᠭ ᠤᠨ ᠲᠡᠦᠬᠡ ᠣᠶᠢᠯᠠᠯᠭ᠎ᠠ ᠶᠢᠨ ᠨᠡᠶᠢᠭᠡᠮᠯᠢᠭ ᠦᠨ ᠨᠠᠷᠢᠨ ᠪᠢᠴᠢᠭ ᠦᠨ ᠳᠠᠷᠤᠭ᠎ᠠ ᠰᠢᠶᠤᠤ ᠴᠦᠨ ᠱᠠᠩᠬᠠᠶ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠦᠨ ᠲᠤᠰᠬᠠᠶ ᠣᠶᠢᠯᠠᠯᠭ᠎ᠠ ᠶᠢᠨ ᠠᠵᠢᠯ ᠤᠨ ᠭᠠᠵᠠᠷ ᠤᠨ ᠠᠵᠤ ᠠᠬᠤᠶᠢᠯᠠᠯ ᠤᠨ ᠣᠶᠢᠯᠠᠯᠭ᠎ᠠ ᠨᠠᠶᠢᠷᠠᠭᠤᠯᠬᠤ ᠬᠠᠷᠢᠭᠤᠴᠠᠯᠭᠠᠲᠠᠨ ᠱᠠᠩᠬᠠᠶ ᠬᠣᠲᠠ ᠶᠢᠨ ᠣᠷᠣᠨ ᠨᠤᠲᠤᠭ ᠤᠨ ᠲᠡᠸᠬᠡ ᠣᠶᠢᠯᠠᠯᠭ᠎ᠠ ᠶᠢᠨ ᠨᠡᠶᠢᠭᠡᠮᠯᠢᠭ ᠦᠨ ᠬᠡᠷᠡᠭ ᠡᠷᠬᠢᠯᠡᠭᠴᠢ ᠵᠣᠣ ᠮᠢᠩ ᠮᠢᠩ ᠲᠣᠰ ᠲᠣᠰ 《ᠶᠡᠬᠡ ᠳᠡᠭᠡᠳᠦ ᠰᠤᠷᠭᠠᠭᠤᠯᠢ ᠶᠢᠨ ᠣᠶᠢᠯᠠᠯᠭ᠎ᠠ ᠠᠵᠤ ᠠᠬᠤᠶᠢᠯᠠᠯ ᠤᠨ ᠣᠶᠢᠯᠠᠯᠭ᠎ᠠ ᠨᠠᠶᠢᠷᠠᠭᠤᠯᠬᠤ ᠦᠨᠳᠦᠰᠦᠨ ᠣᠨᠣᠯ ᠪᠠ ᠠᠷᠭ᠎ᠠ 》 《ᠶᠡᠬᠡ ᠳᠡᠭᠡᠳᠦ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠭᠣᠸᠯᠳᠠᠯᠭ᠎ᠠ》 《ᠠᠵᠤ ᠠᠬᠤᠶᠢᠯᠠᠯ ᠤᠨ ᠣᠶᠢᠯᠠᠯᠭ᠎ᠠ ᠨᠠᠶᠢᠷᠠᠭᠤᠯᠬᠤ ᠬᠡᠷᠡᠭᠯᠡᠭᠡᠨ ᠦ 》ᠵᠡᠷᠭᠡ ᠬᠢᠴᠢᠶᠡᠯ ᠃



ᠲᠣᠰ ᠤᠳᠠᠭᠠᠨ ᠤ ᠪᠣᠯᠪᠠᠰᠤᠷᠠᠭᠤᠯᠤᠯ ᠳᠤ ᠪᠠᠰᠠ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ ᠃ ᠥᠪᠥᠷ ᠮᠣᠩᠭᠣᠯ ᠤᠨ ᠠᠷᠠᠳ ᠤᠨ ᠬᠡᠪᠯᠡᠯ ᠦᠨ ᠬᠣᠷᠢᠶ᠎ᠠ ᠶᠢᠨ ᠨᠠᠶᠢᠷᠠᠭᠤᠯᠤᠭᠴᠢ ᠳ᠋ᠤᠸᠠᠨ ᠷᠦᠢ ᠰᠢᠨ 《ᠣᠷᠣᠨ ᠨᠤᠲᠤᠭ ᠤᠨ ᠣᠶᠢᠯᠠᠯᠭ᠎ᠠ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ》ᠭᠡᠬᠦ ᠰᠡᠳᠦᠪ ᠢᠶᠡᠷ ᠂ ᠣᠶᠢᠯᠠᠯᠭ᠎ᠠ ᠶᠢᠨ ᠡᠬᠡ ᠪᠢᠴᠢᠭ ᠢ ᠬᠢᠨᠠᠬᠤ ᠠᠵᠢᠯ ᠤᠨ ᠲᠤᠷᠰᠢᠯᠭ᠎ᠠ ᠪᠠᠨ ᠬᠤᠪᠢᠶᠠᠯᠴᠠᠪᠠ ᠃ ᠥᠪᠥᠷ ᠮᠣᠩᠭᠣᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠣᠨ ᠤ ᠢᠲᠡᠭᠡᠮᠵᠢ ᠶᠢᠨ ᠬᠣᠷᠰᠢᠶ᠎ᠠ ᠶᠢᠨ ᠬᠣᠯᠪᠣᠭᠠᠲᠤ ᠬᠣᠷᠰᠢᠶ᠎ᠠ ᠂ ᠥᠪᠥᠷ ᠮᠣᠩᠭᠣᠯ ᠤᠨ ᠡᠯᠧᠺᠲ᠋ᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠥᠪᠥᠷ ᠮᠣᠩᠭᠣᠯ ᠤᠨ ᠶᠡᠬᠡ ᠰᠤᠷᠭᠠᠭᠤᠯᠢ ᠵᠡᠷᠭᠡ ᠣᠶᠢᠯᠠᠯᠭ᠎ᠠ ᠠᠵᠢᠯ ᠢ ᠨᠡᠯᠢᠶᠡᠳ ᠡᠷᠲᠡ ᠡᠬᠢᠯᠡᠭᠦᠯᠦᠭᠰᠡᠨ ᠲᠤᠷᠰᠢᠯᠭ᠎ᠠ ᠪᠠᠨ ᠲᠠᠨᠢᠯᠴᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠶᠢᠨ ᠨᠠᠮ ᠤᠨ ᠬᠣᠷᠢᠶ᠎ᠠ︵ᠠᠵᠢᠯᠲᠠᠨ ᠤ ᠶᠠᠪᠤᠳᠠᠯ ᠤᠨ ᠭᠠᠵᠠᠷ︶ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠮᠸᠩ ᠹᠠᠩ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠵᠤ ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠲᠥᠬᠥᠮ ᠳ᠋ᠦᠩᠨᠡᠯᠲᠡ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠴᠤᠪᠤᠷᠠᠯ ᠪᠢᠴᠢᠭ ᠨᠠᠶᠢᠷᠠᠭᠤᠯᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ ᠃
