ᠵᠤᠬᠢᠶᠠᠭᠴᠢ:
ᠴᠠᠭ:2023-09-29
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠨᠣᠮ ᠪᠢᠴᠢᠭ ᠬᠠᠨᠳᠢᠪᠯᠠᠬᠤ ᠶᠣᠰᠣᠯᠠᠯ
2023 ᠣᠨ ᠤ 9 ᠰᠠᠷ᠎ᠠ ᠶᠢᠨ 21 ᠦ ᠡᠳᠦᠷ ᠦᠨ ᠦᠳᠡ ᠶᠢᠨ ᠡᠮᠦᠨ᠎ᠡ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠲᠤ ᠨᠣᠮ ᠪᠢᠴᠢᠭ ᠬᠠᠨᠳᠢᠪᠯᠠᠬᠤ ᠶᠣᠰᠣᠯᠠᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠬᠠᠶ ᠱᠠᠨ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠳᠡᠳ᠋ ᠳᠠᠷᠤᠭ᠎ᠠ ᠬᠥ᠋ ᠯᠸᠢ ᠶᠣᠰᠣᠯᠠᠯ ᠳᠤ ᠬᠠᠮᠲᠤ ᠶᠠᠷᠢᠶ᠎ᠠ ᠲᠠᠯᠪᠢᠵᠤ ᠂ ᠬᠦᠷᠭᠡᠬᠦ ᠶᠣᠰᠣᠯᠠᠯ ᠢ ᠠᠯᠪᠠᠨ ᠬᠡᠷ ᠦᠨ ᠬᠠᠷᠢᠭᠤᠴᠠᠯᠭᠠᠲᠠᠨ ᠶᠤᠸᠠᠨ ᡁᠢ ᠵᠢᠶᠦ᠋ᠨ ᠡᠷᠭᠢᠯᠡᠪᠡ ᠃ ᠠᠯᠪᠠᠨ ᠬᠡᠷ ᠂ ᠭᠠᠵᠠᠷ ᠂ ᠭᠠᠵᠠᠷ ᠂ ᠰᠤᠷᠪᠤᠯᠵᠢ ᠪᠢᠴᠢᠭ ᠨᠠᠶᠢᠷᠠᠭᠤᠯᠬᠤ ᠭᠠᠵᠠᠷ ᠂ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ ᠤᠨ ᠬᠡᠰᠡᠭ ᠺᠠᠳ᠋ᠷ ᠬᠢᠭᠡᠳ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ ᠤᠨ ᠬᠠᠮᠢᠶ᠎ᠠ ᠪᠥᠬᠥᠶ ᠬᠥᠮᠦᠰ ᠶᠣᠰᠣᠯᠠᠯ ᠳᠤ ᠣᠷᠣᠯᠴᠠᠪᠠ ᠃


ᠬᠦᠷᠭᠡᠬᠦ ᠶᠣᠰᠣᠯᠠᠯ ᠳᠡᠭᠡᠷ᠎ᠡ᠂ ᠬᠦ᠋ ᠯᠸ᠋ᠢ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠲᠤ《ᠴᠢᠩ ᠤᠯᠤᠰ ᠤᠨ ᠰᠡᠭᠦᠯᠴᠢ ᠦᠶ᠎ᠡ ᠶᠢᠨ ᠥᠪᠥᠷ ᠮᠣᠩᠭᠣᠯ ᠤᠨ ᠳᠤᠮᠳᠠ ᠪᠠᠷᠠᠭᠤᠨ ᠣᠷᠣᠨ ᠤ ᠠᠳᠠᠷ ᠬᠠᠭᠠᠯᠪᠤᠷᠢᠯᠠᠯᠲᠠ ᠶᠢᠨ ᠶᠠᠪᠤᠳᠠᠯ ᠤᠨ ᠲᠠᠩᠰᠠ ᠡᠪᠬᠡᠮᠡᠯ︵48 ᠳᠡᠪᠲᠡᠷ︶》ᠭᠡᠬᠦ ᠨᠣᠮ ᠢ ᠬᠦᠷᠭᠡᠵᠦ᠂ ᠦ᠋ ᠬᠠᠢ ᠱᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠢ ᠲᠥᠯᠥᠭᠡᠯᠡᠨ ᠬᠦᠷᠭᠡᠭᠰᠡᠨ ᠦᠨᠡᠮᠯᠡᠯ ᠣᠯᠭᠣᠭᠰᠠᠨ ᠪᠥᠭᠡᠳ 《ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠲᠡᠦᠬᠡ》ᠭᠡᠬᠦ ᠨᠣᠮ ᠤᠨ ᠨᠢᠭᠡᠳᠦᠭᠡᠷ ᠪᠤᠳᠢ ︵1921 ︱ 1949 ︶ᠵᠢ ᠬᠠᠷᠢᠭᠤ ᠃

ᠦ᠋ ᠬᠠᠢ ᠱᠠᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠦᠨᠳᠦᠰᠦᠨ ᠪᠠᠶᠢᠳᠠᠯ ᠪᠣᠯᠤᠨ ᠭᠣᠣᠯ ᠡᠭᠦᠷᠭᠡ ᠴᠢᠳᠠᠪᠬᠢ ᠶᠢ ᠲᠠᠨᠢᠯᠴᠠᠭᠤᠯᠪᠠ᠃ ᠦ᠋ ᠬᠠᠶ ᠱᠠᠨ ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠨᠠᠮ ᠤᠨ ᠲᠡᠸᠬᠡ ᠶᠢᠨ ᠵᠣᠬᠢᠶᠠᠯ ᠪᠦᠲᠦᠭᠡᠯ ᠦᠨ ᠰᠤᠳᠤᠯᠭᠠᠨ ᠥᠷᠨᠢᠭᠦᠯᠬᠦ ᠂ ᠲᠡᠸᠬᠡ ᠣᠶᠢᠯᠠᠯᠭ᠎ᠠ ᠶᠢᠨ ᠲᠤᠯᠭᠤᠷ ᠪᠢᠴᠢᠭ ᠮᠠᠲ᠋ᠧᠷᠢᠶᠠᠯ ᠴᠤᠭᠯᠠᠭᠤᠯᠬᠤ ᠵᠡᠷᠭᠡ ᠠᠵᠢᠯ ᠳᠤ ᠮᠠᠰᠢ ᠣᠯᠠᠨ ᠲᠥᠬᠥᠮ ᠨᠥᠬᠥᠴᠡᠯ ᠬᠠᠩᠭᠠᠵᠤ ᠂ ᠬᠦᠴᠦᠲᠡᠶ ᠳᠡᠮᠵᠢᠯᠭᠡ ᠂ ᠲᠣᠰ ᠤᠳᠠᠭᠠᠨ ᠤ ᠬᠠᠨᠳᠢᠪᠯᠠᠭᠰᠠᠨ ᠨᠣᠮ ᠪᠢᠴᠢᠭ ᠨᠢ ᠨᠠᠩ ᠴᠤ ᠮᠠᠨ ᠤ ᠲᠠᠰᠤᠭ ᠤᠨ ᠨᠣᠮ ᠪᠢᠴᠢᠭ ᠦᠨ ᠲᠠᠩᠰᠠ ᠡᠪᠬᠡᠮᠡᠯ ᠦᠨ ᠲᠥᠷᠥᠯ ᠵᠦᠶᠯ ᠢ ᠪᠠᠶᠠᠯᠢᠭᠵᠢᠭᠤᠯᠵᠤ ᠂ ᠥᠪᠥᠷ ᠮᠣᠩᠭᠣᠯ ᠤᠨ ᠲᠡᠸᠬᠡ ᠣᠶᠢᠯᠠᠯᠭ᠎ᠠ ᠶᠢᠨ ᠰᠤᠳᠤᠯᠭᠠᠨ ᠳᠤ ᠬᠦᠴᠦᠲᠡᠶ ᠲᠡᠸᠬᠡᠨ ᠮᠠᠲ᠋ᠧᠷᠢᠶᠠᠯ ᠤᠨ ᠲᠤᠯᠭᠠᠭᠤᠷᠢᠯᠠᠯ ᠃

ᠬᠤᠷᠠᠯ ᠳᠤ ᠣᠷᠣᠯᠴᠠᠭᠰᠠᠳ ᠨᠠᠮ ᠤᠨ ᠲᠡᠦᠬᠡ ᠶᠢᠨ ᠰᠤᠷᠪᠤᠯᠵᠢ ᠪᠢᠴᠢᠭ ᠦᠨ ᠰᠤᠳᠤᠯᠭᠠᠨ᠂ ᠲᠡᠦᠬᠡ ᠣᠶᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠭᠤᠴᠢᠨ ᠣᠶᠢᠯᠠᠯᠭ᠎ᠠ ᠶᠢ ᠡᠮᠬᠢᠯᠡᠬᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠯᠲᠠ ᠵᠡᠷᠭᠡ ᠠᠵᠢᠯ ᠤᠨ ᠲᠣᠭᠣᠷᠢᠨ ᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠦᠨ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ ᠲᠠᠶ ᠶᠠᠷᠢᠯᠴᠠᠪᠠ᠃