ᠵᠤᠬᠢᠶᠠᠭᠴᠢ:
ᠴᠠᠭ:2023-10-20
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ︽ᠥᠪᠥᠷ ᠮᠣᠩᠭᠣᠯ ᠤᠨ ᠥᠭᠡᠷᠡᠴᠢᠯᠡᠯᠲᠡ ᠨᠡᠭᠡᠭᠡᠯᠲᠡ ᠶᠢᠨ ᠨᠡᠶᠢᠭᠡᠮ ᠦᠨ ᠲᠡᠮᠳᠡᠭᠯᠡᠯ ︾ ᠢ ᠠᠵᠢᠯ ᠤᠨ ᠬᠤᠷᠠᠯ ᠬᠤᠷᠠᠯᠳᠤᠭᠤᠯᠪᠠ
10 ᠳ᠋ᠤᠭᠠᠷ ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ《ᠥᠪᠥᠷ ᠮᠣᠩᠭᠣᠯ ᠤᠨ ᠥᠭᠡᠷᠡᠴᠢᠯᠡᠯᠲᠡ ᠨᠡᠭᠡᠭᠡᠯᠲᠡ ᠶᠢᠨ ᠨᠡᠶᠢᠭᠡᠮ ᠦᠨ ᠲᠡᠮᠳᠡᠭᠯᠡᠯ》 ᠢ ᠠᠵᠢᠯ ᠤᠨ ᠬᠤᠷᠠᠯ ᠬᠤᠷᠠᠯᠳᠤᠭᠤᠯᠪᠠ ᠃ ᠬᠤᠷᠠᠯ ᠢ ᠭᠠᠵᠠᠷ ᠤᠨ ᠬᠠᠷᠢᠭᠤᠴᠠᠯᠭᠠᠲᠠᠨ ᠵᠠᠩ ᠵᠧᠨ ᠨᠢᠩ ᠡᠷᠭᠢᠯᠡᠵᠦ ᠂ ᠲᠠᠰᠤᠭ ᠤᠨ ᠳᠡᠳ᠋ ᠡᠷᠬᠢᠯᠡᠭᠴᠢ ᠬᠠᠶ ᠱᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠳᠤᠭᠤᠶᠢᠯᠠᠩ ᠤᠨ ᠪᠥᠬᠥ ᠭᠡᠰᠢᠭᠦᠳ ᠬᠤᠷᠠᠯ ᠳᠤ ᠣᠷᠣᠯᠴᠠᠵᠠᠶ ᠃

ᠬᠤᠷᠠᠯ ᠳᠡᠭᠡᠷ᠎ᠡ ᠂ ᠭᠠᠵᠠᠷ ᠤᠨ ᠮᠠ ᠰᠢᠶᠤᠤ ᠫᠸᠩ 《ᠥᠪᠥᠷ ᠮᠣᠩᠭᠣᠯ ᠤᠨ ᠥᠭᠡᠷᠡᠴᠢᠯᠡᠯᠲᠡ ᠨᠡᠭᠡᠭᠡᠯᠲᠡ ᠶᠢᠨ ᠨᠡᠶᠢᠭᠡᠮ ᠦᠨ ᠲᠡᠮᠳᠡᠭᠯᠡᠯ》 ᠢ ᠰᠡᠳᠦᠪ ᠦᠨ ᠬᠤᠪᠢᠶᠠᠷᠢᠯᠠᠯ ᠂ ᠠᠭᠤᠯᠭ᠎ᠠ ᠶᠢᠨ ᠴᠢᠭᠯᠡᠯ ᠂ ᠵᠠᠭᠪᠤᠷ ᠵᠢᠴᠢ ᠡᠭᠦᠷᠭᠡ ᠶᠢᠨ ᠴᠠᠭ ᠤᠨ ᠬᠢᠵᠠᠭᠠᠷ ᠵᠡᠷᠭᠡ ᠲᠤᠭᠤᠷᠪᠢᠨ ᠪᠢᠴᠢᠬᠦ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠵᠤ ᠂ ᠡᠭᠦᠷᠭᠡ ᠬᠠᠷᠠᠯᠲᠠ ᠤᠯᠠᠮ ᠨᠢᠭᠡ ᠠᠯᠬᠤᠮ ᠲᠣᠳᠣᠷᠬᠠᠶᠢᠯᠠᠨ ᠂ ᠡᠬᠡ ᠪᠢᠴᠢᠭ ᠵᠢᠷᠤᠮᠵᠢᠭᠤᠨ ᠪᠥᠭᠡᠳ ᠨᠢᠭᠡᠳᠦᠯᠲᠡᠶ ᠪᠠᠶᠢᠯᠭᠠᠬᠤ ᠶᠢ ᠦᠨᠡᠨ ᠬᠦ ᠃

ᠦ᠋ ᠬᠠᠶ ᠱᠠᠨ ᠴᠢᠬᠤᠯᠠᠴᠢᠯᠠᠬᠤ ᠳᠠᠭᠠᠨ ᠂ 《ᠥᠪᠥᠷ ᠮᠣᠩᠭᠣᠯ ᠤᠨ ᠥᠭᠡᠷᠡᠴᠢᠯᠡᠯᠲᠡ ᠨᠡᠭᠡᠭᠡᠯᠲᠡ ᠶᠢᠨ ᠨᠡᠶᠢᠭᠡᠮ ᠦᠨ ᠲᠡᠮᠳᠡᠭᠯᠡᠯ》 ᠢ ᠪᠣᠯ 2023 ᠣᠨ ᠤ ᠪᠥᠬᠥ ᠠᠵᠢᠯ ᠤᠨ ᠭᠣᠸᠯᠳᠠᠯᠭ᠎ᠠ ᠶᠢᠨ ᠨᠢᠭᠡ ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠣᠳᠣᠨ ᠪᠦᠲᠦᠭᠡᠯ ᠤᠬᠠᠮᠰᠠᠷ ᠢ ᠪᠠᠲᠤ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠮᠠᠨ ᠤ ᠦ ᠥᠭᠡᠷᠡᠴᠢᠯᠡᠯᠲᠡ ᠨᠡᠬᠡᠬᠡᠯᠳᠡ ᠬᠢᠭᠰᠡᠨ 45 ᠵᠢᠯ ᠦᠨ ᠤᠢ ᠪᠣᠯᠤᠨ《ᠬᠣᠶᠠᠷ ᠶᠡᠬᠡ ᠶᠠᠪᠤᠳᠠᠯ》 ᠋ ᠢ ᠪᠦᠬᠦ ᠬᠦᠴᠦᠨ ᠢᠶᠡᠷ ᠢᠶᠡᠨ ᠰᠠᠶᠢᠲᠤᠷ ᠬᠢᠬᠦ ᠡᠬᠢᠯᠡᠯᠲᠡ ᠶᠢᠨ ᠵᠢᠯ ᠦᠨ ᠴᠢᠬᠤᠯᠠ ᠶᠡᠬᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠯᠤᠰ ᠲᠦᠷᠦ ᠶᠢᠨ ᠶᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠰᠣᠳᠣᠨ ᠪᠦᠲᠦᠭᠡᠯ ᠤᠬᠠᠮᠰᠠᠷ ᠢ ᠲᠠᠰᠤᠷᠠᠯᠲᠠ ᠥᠬᠡᠶ ᠪᠣᠶ ᠪᠣᠯᠭᠠᠵᠤ ᠂ ᠤᠨ ᠵᠢᠷᠤᠮᠵᠢᠯ ᠢ ᠴᠢᠩᠭ᠎ᠠ ᠵᠢᠷᠤᠮᠯᠠᠨ ᠂ ᠡᠬᠡ ᠪᠢᠴᠢᠭ ᠪᠢᠴᠢᠬᠦ ᠡᠭᠦᠷᠭᠡ ᠪᠡᠨ ᠴᠢᠨᠠᠷ ᠴᠢᠨᠰᠠᠭ᠎ᠠ ᠪᠠᠲᠤᠯᠠᠨ ᠪᠡᠶᠡᠯᠡᠭᠦᠯᠵᠦ ᠂ 《ᠥᠪᠥᠷ ᠮᠣᠩᠭᠣᠯ ᠤᠨ ᠥᠭᠡᠷᠡᠴᠢᠯᠡᠯᠲᠡ ᠨᠡᠭᠡᠭᠡᠯᠲᠡ ᠶᠢᠨ ᠨᠡᠶᠢᠭᠡᠮ ᠦᠨ ᠲᠡᠮᠳᠡᠭᠯᠡᠯ 》 ᠢ ᠥᠨᠳᠥᠷ ᠬᠢᠷᠢ ᠲᠦᠪᠰᠢᠨ ᠲᠡᠶ ᠰᠤᠳᠤᠯᠭᠠᠨ ᠤ ᠦᠷ᠎ᠡ ᠪᠦᠲᠦᠭᠡᠯ ᠪᠣᠯᠭᠠᠬᠤ ᠪᠠᠷ ᠴᠢᠷᠮᠠᠶᠢᠬᠤ ᠬᠡᠷᠡᠭᠲᠡᠶ ᠃