ᠵᠤᠬᠢᠶᠠᠭᠴᠢ:
ᠴᠠᠭ:2023-11-17
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠭᠤᠷᠪᠠᠨ ᠭᠠᠵᠠᠷ ᠤᠨ ᠬᠢᠨ ᠤᠯᠠᠭᠠᠨᠴᠠᠪ ᠬᠣᠲᠠ ᠳᠤ ᠬᠦᠷᠴᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠮᠠᠨ ᠤ ᠣᠷᠣᠨ ᠤ ᠪᠡᠭᠡᠵᠢᠩ ᠥᠪᠥᠷ ᠮᠣᠩᠭᠣᠯ ᠤᠨ ᠣᠷᠣᠨ ᠪᠦᠰᠡ ᠶᠢᠨ ᠬᠠᠮᠵᠢᠯᠴᠠᠭᠠᠨ ᠤ ᠥᠩᠭᠡᠷᠡᠯᠲᠡ ᠪᠠ ᠣᠳᠣᠬᠢ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠲᠥᠯᠥᠭᠡ ᠂ ᠭᠤᠷᠪᠠᠨ ᠭᠠᠵᠠᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠭᠠᠵᠠᠷ ᠬᠡᠷ ᠦᠨ ᠬᠠᠷᠢᠭᠤᠴᠠᠯᠭᠠᠲᠠᠨ ᠵᠠᠩ ᠵᠧᠨ ᠨᠢᠩ ᠳᠠᠭᠠᠭᠤᠯᠵᠤ ᠂ 2023 ᠣᠨ ᠤ 11 ᠰᠠᠷ᠎ᠠ ᠶᠢᠨ 9 ᠦ ᠡᠳᠦᠷ ᠡᠴᠡ 11 ᠦ ᠡᠳᠦᠷ ᠪᠣᠯᠲᠠᠯ᠎ᠠ ᠤᠯᠠᠭᠠᠨᠴᠠᠪ ᠬᠣᠲᠠ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ ᠃ ᠤᠯᠠᠭᠠᠨᠴᠠᠪ ᠬᠣᠲᠠ ᠶᠢᠨ ᠨᠠᠮ ᠤᠨ ᠬᠣᠷᠢᠶᠠᠨ ᠤ ᠨᠠᠮ ᠤᠨ ᠲᠡᠸᠬᠡ ᠰᠤᠳᠤᠯᠬᠤ ᠲᠠᠰᠤᠭ ᠤᠨ ᠡᠷᠬᠢᠯᠡᠭᠴᠢ ᠼᠤᠤ ᠬᠦᠶ ᠵᠥᠩ ᠬᠠᠮᠲᠤ ᠪᠠᠶᠢᠴᠠᠭᠠᠨ ᠰᠤᠳᠤᠯᠤᠯᠲᠠ ᠬᠢᠪᠠ ᠃
ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠣᠵᠢᠳ ᠤᠯᠠᠭᠠᠨᠴᠠᠪ ᠬᠣᠲᠠ ᠶᠢᠨ ᠰᠢᠶᠠᠨ ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ ᠃ ᠣᠷᠣᠨ ᠪᠦᠰᠡ ᠶᠢᠨ ᠬᠠᠮᠵᠢᠯᠴᠠᠭᠠᠨ ᠤ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠲᠥᠰᠦᠪ ᠦᠨ ᠳᠣᠣᠷ᠎ᠠ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ ᠤᠨ ᠬᠢᠨ ᠰᠣᠶᠣᠯ ᠤᠨ ᠠᠵᠤ ᠦᠢᠯᠡᠰ ᠢ ᠬᠥᠭᠵᠢᠭᠦᠯᠵᠦ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠭᠰᠡᠨ ᠪᠠ ᠲᠥᠮᠥᠰᠥ᠂ ᠦᠬᠡᠷ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠤ ᠲᠡᠵᠢᠭᠡᠨ ᠡᠳ᠋ᠰᠢᠭᠦᠯᠬᠦ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠡᠭᠡᠵᠢᠩ ᠬᠤᠳᠠ ᠶᠢᠨ ᠤᠯᠠᠭᠠᠨᠴᠠᠪ ᠬᠤᠳᠠ ᠳᠤ ᠰᠣᠩᠭᠣᠨ ᠲᠣᠮᠢᠯᠠᠭᠰᠠᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠲᠠᠶ ᠶᠠᠷᠢᠯᠴᠠᠨ ᠰᠣᠯᠢᠯᠴᠠᠪᠠ᠃ ᠨᠢ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠳᠤ ᠬᠦᠷᠴᠦ ᠬᠠᠮᠢᠶ᠎ᠠ ᠪᠥᠬᠥᠶ ᠮᠠᠲ᠋ᠧᠷᠢᠶᠠᠯ ᠢ ᠪᠠᠶᠢᠴᠠᠭᠠᠨ ᠦᠵᠡᠪᠡ ᠃

ᠤᠯᠠᠭᠠᠨᠴᠠᠪ ᠬᠣᠲᠠ ᠨᠢ ᠪᠡᠭᠡᠵᠢᠩ ᠥᠪᠥᠷ ᠮᠣᠩᠭᠣᠯ ᠤᠨ ᠣᠷᠣᠨ ᠪᠦᠰᠡ ᠶᠢᠨ ᠬᠠᠮᠵᠢᠯᠴᠠᠭᠠᠨ ᠤ ᠭᠣᠸᠯᠳᠠᠯᠭ᠎ᠠ ᠲᠠᠶ ᠬᠣᠲᠠ ᠪᠣᠯᠤᠭᠰᠠᠨ ᠤ ᠬᠤᠪᠢ ᠳᠤ ᠂ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠂ ᠰᠣᠶᠣᠯ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠪᠠᠷ ᠲᠤᠶᠢᠯ ᠤᠨ ᠬᠢᠯᠠᠰ ᠴᠡᠭ ᠪᠠ ᠣᠨᠴᠠᠯᠢᠭ ᠲᠠᠶ ᠪᠠᠶᠢᠳᠠᠭ ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠡᠭᠡᠵᠢᠩ ᠥᠪᠥᠷ ᠮᠣᠩᠭᠣᠯ ᠤᠨ ᠣᠷᠣᠨ ᠪᠦᠰᠡ ᠶᠢᠨ ᠬᠠᠮᠵᠢᠯᠴᠠᠭᠠᠨ ᠤ ᠰᠡᠳᠦᠪ ᠦᠨ ᠰᠤᠳᠤᠯᠭᠠᠨ ᠤ ᠰᠠᠭᠤᠷᠢᠨ ᠳᠡᠭᠡᠷ᠎ᠡ ᠂ ᠰᠢᠨ᠎ᠡ ᠮᠠᠲ᠋ᠧᠷᠢᠶᠠᠯ ᠴᠤᠭᠯᠠᠭᠤᠯᠵᠤ ᠂ ᠰᠢᠨ᠎ᠡ ᠰᠠᠨᠠᠯ ᠢ ᠰᠣᠨᠣᠰᠴᠤ ᠂ ᠰᠢᠨ᠎ᠡ ᠬᠠᠷᠠᠭᠠᠰᠤ ᠶᠢ ᠪᠠᠶᠠᠯᠢᠭᠵᠢᠭᠤᠯᠤᠨ ᠂ ᠰᠡᠭᠦᠯᠴᠢ ᠶᠢᠨ ᠬᠤᠭᠤᠴᠠᠭᠠᠨ ᠤ ᠪᠥᠬᠥᠶ ᠰᠤᠳᠤᠯᠭᠠᠨ ᠳᠤ ᠴᠢᠬᠤᠯᠠ ᠰᠠᠭᠤᠷᠢ ᠪᠠᠶᠢᠨ᠎ᠠ ᠃
ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠭᠣᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠡᠯᠪᠡᠷᠢ ᠪᠡᠷ ᠤᠯᠠᠭᠠᠨᠴᠠᠪ ᠬᠤᠳᠠ ᠶᠢᠨ ᠨᠠᠮ ᠤᠨ ᠬᠣᠷᠢᠢ᠎ᠠ ᠶᠢᠨ ᠨᠠᠮ ᠤᠨ ᠲᠡᠦᠬᠡ ᠰᠤᠳᠤᠯᠬᠤ ᠲᠠᠰᠤᠭ ᠤᠨ ᠶᠢᠨ ᠨᠠᠮ ᠤᠨ ᠡᠭᠦᠷ ᠲᠡᠶ ᠬᠠᠮᠲᠤᠷᠠᠨ《ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠵᠠᠩ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠨᠡᠮᠡᠭᠳᠡᠭᠦᠯᠵᠦ ᠴᠢᠳᠠᠪᠤᠷᠢ ᠳᠡᠭᠡᠭᠰᠢᠯᠡᠭᠦᠯᠬᠦ》ᠪᠡᠷ ᠭᠣᠣᠯ ᠨᠠᠮ ᠤᠨ ᠡᠳᠦᠷ ᠦᠨ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢ ᠼᠤᠤ ᠬᠦᠢ ᠵᠦᠩ ᠡᠷᠬᠢᠯᠡᠵᠦ᠂ ᠵᠠᠩ ᠵᠧᠨ ᠨᠢᠩ 《ᠲᠥᠪ ᠦᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠦᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠰᠢ ᠶᠢᠨ ᠫᠢᠩ ᠶᠠᠷᠢᠶ᠎ᠠ》ᠵᠡᠷᠭᠡ ᠶᠡᠷᠦᠩᠬᠡᠢ ᠱᠦᠵᠢ ᠰᠢ ᠶᠢᠨ ᠫᠢᠩ ᠬᠠᠮᠤᠭ ᠋ ᠤᠨ ᠰᠢᠨ᠎ᠡ ᠴᠢᠬᠤᠯᠠ ᠶᠠᠷᠢᠶᠠᠨ ᠋ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂《ᠰᠢ ᠶᠢᠨ ᠫᠢᠩ ᠋ ᠤᠨ ᠳᠤᠮᠳᠠᠳᠤ ᠤᠯᠤᠰ ᠋ ᠤᠨ ᠰᠢᠨ᠎ᠡ ᠴᠠᠭ ᠦᠶ᠎ᠡ ᠶᠢᠨ ᠣᠨᠴᠠᠯᠢᠭ ᠲᠠᠶ ᠨᠡᠶᠢᠭᠡᠮ ᠵᠢᠷᠤᠮ ᠋ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠳᠤᠮᠳᠠᠳᠤ ᠤᠯᠤᠰ ᠋ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠣᠯ ᠋ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠶ᠎ᠡ》ᠭᠡᠬᠦ ᠲᠤᠰᠬᠠᠢ ᠰᠡᠳᠦᠪᠲᠦ ᠨᠠᠮ ᠋ ᠤᠨ ᠬᠢᠴᠢᠶᠡᠯ ᠃