ᠵᠤᠬᠢᠶᠠᠭᠴᠢ:
ᠴᠠᠭ:2023-12-08
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠣᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠪᠠ ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠶᠢᠨ ᠴᠤᠪᠤᠷᠠᠯ ᠪᠢᠴᠢᠭ ᠨᠠᠶᠢᠷᠠᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠶᠢᠨ ᠨᠠᠮ ᠤᠨ ᠬᠣᠷᠢᠶ᠎ᠠ ︵ᠠᠵᠢᠯᠲᠠᠨ ᠤ ᠭᠠᠵᠠᠷ︶ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠮᠸᠩ ᠹᠠᠩ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠲᠤᠬᠠᠶᠢᠯᠠᠭᠰᠠᠨ ᠠᠵᠢᠯ ᠤᠨ ᠭᠠᠵᠠᠷ ᠤᠨ 4 ᠬᠥᠮᠦᠨ ᠢ ᠳᠠᠭᠠᠭᠤᠯᠤᠨ 12 ᠳ᠋ᠤᠭᠠᠷ ᠰᠠᠷ᠎ᠠ ᠶᠢᠨ 1 ᠦ ᠡᠳᠦᠷ ᠲᠣᠰ ᠲᠣᠰ ᠥᠪᠥᠷ ᠮᠣᠩᠭᠣᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠪᠠ ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ ᠃
12 ᠳ᠋ᠤᠭᠠᠷ ᠰᠠᠷ᠎ᠠ ᠶᠢᠨ 1 ᠦ ᠡᠳᠦᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠣᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠳᠤ ᠶᠠᠷᠢᠯᠴᠠᠨ ᠰᠣᠯᠢᠯᠴᠠᠪᠠ ᠃ ᠳᠡᠭᠡᠳᠦ ᠰᠤᠷᠭᠠᠭᠤᠯᠢ ᠶᠢᠨ ᠨᠠᠮ ᠤᠨ ᠬᠣᠷᠢᠢ᠎ᠠ ᠶᠢᠨ ᠱᠦᠵᠢ ᠬᠦᠭᠡ ᠬᠤᠷᠠᠯ ᠳᠤ ᠶᠠᠷᠢᠶ᠎ᠠ ᠲᠠᠯᠪᠢᠵᠤ᠂ ᠳᠡᠭᠡᠳᠦ ᠰᠤᠷᠭᠠᠭᠤᠯᠢ ᠶᠢᠨ ᠨᠠᠮ ᠵᠠᠰᠠᠭ ᠤᠨ ᠠᠯᠪᠠᠨ ᠭᠡᠷ᠂ ᠨᠠᠮ ᠤᠨ ᠬᠣᠷᠢᠢ᠎ᠠ ᠶᠢᠨ ᠵᠣᠬᠢᠶᠠᠨ ᠪᠠᠶᠢᠭᠤᠯᠬᠤ︵ᠨᠢᠭᠡᠳᠦᠮᠡᠯ ᠹᠷᠣᠨᠲ᠋︶ᠬᠡᠯᠲᠡᠰ᠂ ᠨᠠᠮ ᠤᠨ ᠬᠣᠷᠢᠢ᠎ᠠ ᠶᠢᠨ ᠤᠬᠠᠭᠤᠯᠬᠤ ᠬᠡᠯᠲᠡᠰ᠂ ᠠᠵᠢᠯ ᠠᠴᠠ ᠪᠠᠨ ᠦᠨ ᠬᠠᠮᠢᠶᠠᠷᠤᠯᠲᠠ ᠶᠢᠨ ᠭᠠᠵᠠᠷ᠂ ᠮᠠᠷᠺᠰ ᠤᠨ ᠦᠵᠡᠯ ᠦᠨ ᠳᠡᠭᠡᠳᠦ ᠰᠤᠷᠭᠠᠭᠤᠯᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

ᠥᠪᠥᠷ ᠮᠣᠩᠭᠣᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ ᠃ ᠨᠠᠮ ᠵᠠᠰᠠᠭ ᠤᠨ ᠠᠯᠪᠠᠨ ᠬᠡᠷ ᠦᠨ ᠡᠷᠬᠢᠯᠡᠭᠴᠢ ᠵᠠᠩ ᠶᠢᠩ 《 ᠥᠪᠥᠷ ᠮᠣᠩᠭᠣᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ 》 ᠶᠢ ᠨᠠᠶᠢᠷᠠᠭᠤᠯᠵᠤ ᠡᠬᠢᠯᠡᠭᠰᠡᠨ ᠪᠠᠶᠢᠳᠠᠯ ᠵᠢᠴᠢ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠠᠨᠢᠯᠴᠠᠭᠤᠯᠪᠠ ᠃ ᠹᠠᠩ ᠤᠢᠢᠷ᠎ᠠ ᠶᠢᠨ ᠵᠢᠯ ᠦᠨ ᠲᠤᠷᠰᠢᠬᠢ ᠪᠦᠬᠦ ᠤᠯᠤᠰ ᠤᠨ ᠣᠶᠢᠯᠠᠯᠭ᠎ᠠ ᠶᠢᠨ ᠤᠨ ᠪᠠᠶᠢᠳᠠᠯ ᠵᠢᠴᠢ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠦᠨ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠢ ᠴᠢᠬᠤᠯᠠᠴᠢᠯᠠᠨ ᠦᠵᠡᠵᠦ ᠳᠡᠮᠵᠢᠭᠰᠡᠨ ᠢ ᠲᠠᠨᠢᠯᠴᠠᠭᠤᠯᠪᠠ᠃ ᠡᠭᠦᠨ ᠦ ᠵᠡᠷᠭᠡ ᠳᠦ ᠂ ᠲᠡᠷᠡ ᠪᠠᠰᠠ ᠶᠡᠬᠡ ᠳᠡᠭᠡᠳᠦ ᠰᠤᠷᠭᠠᠭᠤᠯᠢ ᠶᠢᠨ ᠣᠶᠢᠯᠠᠯᠭ᠎ᠠ ᠶᠢᠨ ᠴᠤᠪᠤᠷᠠᠯ ᠪᠢᠴᠢᠭ ᠦᠨ ᠲᠥᠯᠥᠪᠵᠢᠭᠦᠯᠭᠡ ᠶᠢᠨ ᠬᠣᠯᠪᠣᠭᠳᠠᠯ ᠪᠦᠬᠦᠢ ᠪᠠᠶᠢᠳᠠᠯ ᠂ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠠᠵᠢᠯ ᠤᠨ ᠶᠠᠪᠤᠴᠠ ᠂ ᠠᠩᠬᠠᠷᠬᠤ ᠵᠦᠢᠯ ᠵᠡᠷᠭᠡ ᠶᠢ ᠨᠠᠷᠢᠨ ᠲᠣᠳᠣᠷᠬᠠᠶ ᠥᠭᠦᠯᠡᠭᠰᠡᠨ ᠪᠠᠶᠢᠨ᠎ᠠ ᠃
ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠡᠭᠡᠳᠦ ᠰᠤᠷᠭᠠᠭᠤᠯᠢ ᠶᠢᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤᠯᠲᠠ ᠥᠭᠬᠦ ᠶᠢᠨ ᠬᠠᠮᠲᠤ ᠠᠵᠢᠯ ᠤᠨ ᠲᠥᠰᠦᠯ ᠲᠣᠭᠲᠠᠭᠠᠬᠤ ᠂ ᠨᠠᠶᠢᠷᠠᠭᠤᠯᠬᠤ ᠺᠣᠮᠢᠰ ᠵᠢᠴᠢ ᠲᠤᠰᠬᠠᠶ ᠨᠠᠶᠢᠷᠠᠭᠤᠯᠤᠨ ᠪᠢᠴᠢᠬᠦ ᠂ ᠠᠯᠬᠤᠮ ᠳᠠᠷᠠᠭ᠎ᠠ ᠪᠠᠨ ᠲᠣᠳᠣᠷᠬᠠᠶᠢᠯᠠᠬᠤ ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠬᠦ ᠵᠡᠷᠭᠡ ᠶᠢᠨ ᠲᠣᠭᠣᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ ᠃
ᠬᠦᠬᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠡᠷᠡ ᠢᠯᠡᠷᠬᠡᠶᠢᠯᠡᠬᠦ ᠳᠡᠭᠡᠨ ᠂ ᠳᠡᠭᠡᠳᠦ ᠰᠤᠷᠭᠠᠭᠤᠯᠢ ᠶᠢᠨ ᠨᠠᠮ ᠤᠨ ᠬᠣᠷᠢᠶ᠎ᠠ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠲᠠᠷᠠᠭᠠᠴᠢ ᠶᠢᠨ ᠠᠯᠬᠤᠮ ᠳᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦ ᠳᠤᠷᠠᠳᠤᠭᠰᠠᠨ ᠰᠠᠨᠠᠯ ᠰᠠᠨᠠᠭᠤᠯᠭ᠎ᠠ ᠶᠣᠰᠣᠭᠠᠷ ᠂ ᠪᠠᠶᠢᠭᠤᠯᠤᠮᠵᠢ ᠶᠢᠨ ᠲᠣᠬᠢᠷᠠᠭᠤᠯᠤᠯᠲᠠ ᠂ ᠠᠵᠢᠯᠲᠠᠨ ᠤ ᠲᠣᠬᠢᠷᠠᠭᠤᠯᠤᠯᠲᠠ ᠵᠡᠷᠭᠡ ᠲᠠᠯ᠎ᠠ ᠪᠠᠷ ᠪᠥᠬᠥ ᠬᠦᠴᠦᠨ ᠢᠶᠡᠷ ᠢᠶᠡᠨ ᠪᠠᠲᠤᠯᠠᠵᠤ ᠂ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠶᠢᠨ ᠴᠤᠪᠤᠷᠠᠯ ᠪᠢᠴᠢᠭ ᠨᠠᠶᠢᠷᠠᠭᠤᠯᠬᠤ ᠲᠥᠯᠥᠪᠵᠢᠭᠦᠯᠭᠡ ᠶᠢᠨ ᠡᠯ᠎ᠡ ᠵᠦᠶᠯ ᠦᠨ ᠡᠭᠦᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠤᠨ᠎ᠠ ᠭᠡᠵᠡᠶ ᠃
12 ᠳ᠋ᠤᠭᠠᠷ ᠰᠠᠷ᠎ᠠ ᠶᠢᠨ 1 ᠦ ᠡᠳᠦᠷ ᠦᠨ ᠦᠳᠡ ᠶᠢᠨ ᠬᠣᠶᠢᠨᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠳᠤ ᠶᠠᠷᠢᠯᠴᠠᠨ ᠰᠣᠯᠢᠯᠴᠠᠪᠠ ᠃ ᠳᠡᠭᠡᠳᠦ ᠰᠤᠷᠭᠠᠭᠤᠯᠢ ᠶᠢᠨ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠂ ᠨᠠᠮ ᠵᠠᠰᠠᠭ ᠤᠨ ᠠᠯᠪᠠᠨ ᠬᠡᠷ ᠂ ᠲᠥᠷᠥ ᠶᠢᠨ ᠪᠣᠳᠣᠯᠭ᠎ᠠ ᠬᠠᠸᠯᠢ ᠲᠣᠭᠲᠠᠭᠠᠯ ᠤᠨ ᠭᠠᠵᠠᠷ ︵ ᠬᠥᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ ︶᠂ ᠠᠵᠢᠯᠲᠠᠨ ᠤ ᠭᠠᠵᠠᠷ ᠂ ᠭᠠᠵᠠᠷ ᠂ ᠡᠪᠯᠡᠯ ᠦᠨ ᠬᠣᠷᠢᠶ᠎ᠠ ᠂ ᠬᠢᠴᠢᠶᠡᠯ ᠬᠥᠮᠦᠵᠢᠯ ᠦᠨ ᠭᠠᠵᠠᠷ ᠂ ᠪᠠᠭᠰᠢ ᠶᠢᠨ ᠬᠥᠭᠵᠢᠯᠲᠡ ᠶᠢᠨ ᠲᠥᠪ ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠥᠪ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ ᠃ ᠳᠡᠭᠡᠳᠦ ᠰᠤᠷᠭᠠᠭᠤᠯᠢ ᠶᠢᠨ ᠲᠥᠷᠥ ᠶᠢᠨ ᠪᠣᠳᠣᠯᠭ᠎ᠠ ᠬᠠᠸᠯᠢ ᠲᠣᠭᠲᠠᠭᠠᠯ ᠤᠨ ᠭᠠᠵᠠᠷ︵ᠬᠥᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ︶ ᠤᠨ ᠭᠠᠵᠠᠷ ᠤᠨ ᠳᠠᠷᠤᠭ᠎ᠠ ᠯᠢ ᠵᠠᠨ ᠫᠢᠩ ᠶᠠᠷᠢᠯᠴᠠᠬᠤ ᠬᠤᠷᠠᠯ ᠢ ᠡᠷᠭᠢᠯᠡᠪᠡ ᠃

ᠬᠤᠷᠠᠯ ᠠᠴᠠ ᠡᠮᠦᠨ᠎ᠡ᠂ ᠳᠡᠭᠡᠳᠦ ᠰᠤᠷᠭᠠᠭᠤᠯᠢ ᠶᠢᠨ ᠨᠠᠮ ᠤᠨ ᠬᠣᠷᠢᠢ᠎ᠠ ᠶᠢᠨ ᠱᠦᠵᠢ ᠰᠢᠶᠤᠤ ᠶᠠᠨ ᠂ ᠳᠡᠳ᠋ ᠱᠦᠵᠢ ᠯᠢ ᠵᠢᠶᠦ᠋ᠨ ᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠡᠶ ᠠᠭᠤᠯᠵᠠᠵᠤ ᠳᠥᠭᠥᠮᠬᠡᠨ ᠰᠠᠨᠠᠯ ᠢᠶᠠᠨ ᠰᠣᠯᠢᠯᠴᠠᠪᠠ᠃
ᠯᠢ ᠵᠠᠨ ᠫᠢᠩ ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ᠂ ᠰᠤᠷᠭᠠᠭᠤᠯᠢ ᠣᠨᠴᠠᠯᠢᠭ ᠵᠡᠷᠭᠡ ᠦᠨᠳᠦᠰᠦᠨ ᠪᠠᠶᠢᠳᠠᠯ ᠵᠢᠴᠢ ᠣᠶᠢᠯᠠᠯᠭ᠎ᠠ ᠨᠠᠶᠢᠷᠠᠭᠤᠯᠤᠨ ᠪᠠᠶᠢᠳᠠᠯ᠂ ᠠᠵᠢᠯ ᠤᠨ ᠰᠠᠭᠤᠷᠢ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠲᠠᠨᠢᠯᠴᠠᠭᠤᠯᠪᠠ᠃ ᠮᠸᠩ ᠹᠠᠩ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠵᠢᠴᠢ ᠠᠴᠢ ᠬᠣᠯᠪᠣᠭᠳᠠᠯ ᠢ ᠲᠠᠨᠢᠯᠴᠠᠭᠤᠯᠵᠤ ᠂ ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ 《ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》ᠨᠠᠶᠢᠷᠠᠭᠤᠯᠬᠤ ᠠᠵᠢᠯ ᠢ ᠡᠬᠢᠯᠡᠭᠦᠯᠬᠦ ᠮᠡᠳᠡᠭᠳᠡᠯ ᠳᠠᠷᠤᠮᠠᠯᠯᠠᠨ ᠂ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠵᠢᠴᠢ ᠲᠤᠰᠬᠠᠶ ᠠᠩᠭᠢ ᠂ 《ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》ᠨᠠᠶᠢᠷᠠᠭᠤᠯᠬᠤ ᠬᠡᠷᠡᠭᠵᠢᠭᠦᠯᠬᠦ ᠲᠥᠰᠦᠯ ︵ ᠶᠠᠷᠢᠯᠴᠠᠬᠤ ᠨᠣᠸᠷᠠᠭ ︶ ᠢ ᠲᠤᠭᠤᠷᠪᠢᠨ ᠵᠡᠷᠭᠡ ᠠᠷᠭ᠎ᠠ ᠬᠢᠳᠡᠯ ᠢ ᠨᠤᠲᠠᠯᠠᠪᠠ ᠃ ᠡᠭᠦᠨ ᠦ ᠬᠠᠮᠲᠤ᠂ ᠲᠡᠷᠡ ᠣᠶᠢᠯᠠᠯᠭ᠎ᠠ ᠨᠠᠶᠢᠷᠠᠭᠤᠯᠤᠨ ᠪᠢᠴᠢᠬᠦ ᠠᠵᠢᠯ ᠤᠨ ᠶᠠᠪᠤᠴᠠ᠂ ᠠᠩᠬᠠᠷᠬᠤ ᠵᠦᠢᠯ ᠵᠡᠷᠭᠡ ᠳᠦ ᠨᠠᠷᠢᠨ ᠲᠣᠳᠣᠷᠬᠠᠶᠢᠯᠠᠯᠲᠠ ᠬᠢᠭᠰᠡᠨ ᠪᠥᠭᠡᠳ ᠪᠣᠳᠠᠲᠠᠶ ᠠᠵᠢᠯ ᠤᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠬᠣᠶᠠᠷ ᠲᠠᠯ᠎ᠠ ᠪᠠᠷ ᠢᠶᠠᠨ ᠤᠨ ᠬᠥᠲᠥᠯᠪᠦᠷᠢ ᠶᠢ ᠲᠤᠭᠤᠷᠪᠢᠬᠤ᠂ ᠮᠠᠲ᠋ᠧᠷᠢᠶᠠᠯ ᠴᠤᠭᠯᠠᠭᠤᠯᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠬᠦ᠂ ᠡᠬᠡ ᠪᠢᠴᠢᠭ ᠪᠢᠴᠢᠬᠦ ᠵᠡᠷᠭᠡ ᠪᠣᠳᠠᠲᠠᠢ ᠠᠰᠠᠭᠤᠳᠠᠯ ᠤᠨ ᠲᠣᠭᠣᠷᠢᠨ ᠳᠤ ᠭᠦᠨᠵᠡᠭᠡᠢ ᠰᠣᠯᠢᠯᠴᠠᠵᠠᠢ᠃
ᠬᠠᠮᠤᠭ ᠰᠡᠬᠦᠯ ᠳᠦ᠂ ᠯᠢ ᠵᠠᠨ ᠫᠢᠩ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠦᠨ ᠠᠯᠪᠠᠨ ᠭᠡᠷ ᠢ ᠲᠥᠯᠥᠭᠡᠯᠡᠨ ᠳ᠋ᠦᠩᠨᠡᠯᠲᠡ ᠶᠢᠨ ᠦᠭᠡ ᠬᠡᠯᠡᠪᠡ᠃ ᠲᠡᠷᠡ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠶᠠᠷᠢᠯᠴᠠᠬᠤ ᠬᠤᠷᠠᠯ ᠰᠣᠯᠢᠯᠴᠠᠭ᠎ᠠ ᠪᠠᠷ ᠳᠠᠮᠵᠢᠭᠤᠯᠤᠨ ᠠᠵᠢᠯ ᠤᠨ ᠰᠡᠳᠬᠢᠮᠵᠢ ᠪᠡᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ ᠂ ᠠᠷᠭ᠎ᠠ ᠪᠠ ᠠᠯᠬᠤᠮ ᠳᠠᠷᠠᠭ᠎ᠠ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠭᠰᠠᠨ ᠪᠠᠶᠢᠨ᠎ᠠ ᠭᠡᠵᠡᠶ ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠶᠡᠬᠡ ᠳᠡᠭᠡᠳᠦ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠴᠤᠪᠤᠷᠠᠯ ᠪᠢᠴᠢᠭ ᠦᠨ ᠲᠥᠯᠥᠪᠵᠢᠭᠦᠯᠭᠡ ᠶᠢᠨ ᠲᠥᠰᠦᠯ ᠶᠣᠰᠣᠭᠠᠷ ᠂ 《ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》 ᠶᠢ ᠨᠠᠶᠢᠷᠠᠭᠤᠯᠬᠤ ᠠᠵᠢᠯ ᠢ ᠡᠮᠬᠢ ᠵᠢᠷᠤᠮ ᠲᠠᠶ ᠠᠬᠢᠭᠤᠯᠵᠤ ᠂ ᠡᠷᠲᠡᠬᠡᠨ ᠬᠡᠪᠯᠡᠬᠦ ᠪᠡᠷ ᠴᠢᠷᠮᠠᠶᠢᠨ᠎ᠠ ᠃