ᠵᠤᠬᠢᠶᠠᠭᠴᠢ:
ᠴᠠᠭ:2023-12-22
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
︽ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ ︾ ︵︶ᠵᠢᠨ ᠡᠴᠦᠰ ᠦᠨ ︵ᠰᠢᠯᠭᠠᠨ ᠠᠪᠬᠤ ︶ᠵᠢᠨ ᠬᠤᠷᠠᠯ ᠬᠤᠷᠠᠯᠳᠤᠪᠠ

2023 ᠣᠨ ᠤ 12 ᠰᠠᠷ᠎ᠠ ᠶᠢᠨ 14 ᠦ ᠡᠳᠦᠷ ᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ 》︵ ︶ ᠶᠢᠨ ᠡᠴᠦᠰ ᠦᠨ ᠶᠢᠨ︵ᠰᠢᠯᠭᠠᠨ ᠠᠪᠬᠤ︶ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠾᠧ ᠪᠢᠶᠤᠤ ᠂ ᠠᠶᠢᠮᠠᠭ ᠬᠣᠲᠠ ᠶᠢᠨ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠪᠥᠬᠥ ᠠᠵᠢᠯᠲᠠᠨ ᠂ ᠣᠷᠣᠨ ᠨᠤᠲᠤᠭ ᠤᠨ ᠣᠶᠢᠯᠠᠯᠭ᠎ᠠ ᠶᠢᠨ ᠲᠤᠰᠬᠠᠶ ᠮᠡᠷᠭᠡᠵᠢᠯᠲᠡᠨ ᠵᠢᠴᠢ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ 》 ︵ ︶ ᠶᠢᠨ ᠨᠠᠶᠢᠷᠠᠭᠤᠯᠬᠤ ᠬᠡᠯᠲᠡᠰ ᠦᠨ ᠬᠤᠷᠠᠯ ᠳᠤ ᠣᠷᠣᠯᠴᠠᠪᠠ ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠠᠶᠢᠮᠠᠭ ᠬᠣᠲᠠ ᠶᠢᠨ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠬᠠᠷᠢᠭᠤᠴᠠᠯᠭᠠᠲᠠᠨ ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠣᠣ ᠽᠠᠢ ᠸᠠᠩ ᠡᠷᠭᠢᠯᠡᠪᠡ ᠃
ᠬᠤᠷᠠᠯ ᠳᠡᠭᠡᠷ᠎ᠡ᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ 》 ︵︶᠋ ᠢᠢᠨ ᠨᠠᠶᠢᠷᠠᠭᠤᠯᠬᠤ ᠬᠡᠯᠲᠡᠰ ᠦᠨ ᠬᠠᠷᠢᠭᠤᠴᠠᠯᠭᠠᠲᠠᠨ ᠵᠤᠤ ᠭᠦᠸᠧ ᠴᠦᠨ ᠠᠴᠢ ᠬᠣᠯᠪᠣᠭᠳᠠᠯ᠂ ᠲᠣᠳᠣᠷᠬᠠᠶᠢᠯᠠᠯᠲᠠ᠂ ᠠᠬᠢᠴᠠ᠂ ᠣᠨᠴᠠᠯᠢᠭ᠂ ᠵᠡᠷᠭᠡ ᠲᠠᠪᠤᠨ ᠲᠠᠯ᠎ᠠ ᠪᠠᠷ ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠂ ᠲᠤᠰᠬᠠᠢ ᠮᠡᠷᠭᠡᠵᠢᠯᠲᠡᠳ ᠲᠦ ᠣᠶᠢᠯᠠᠯᠭ᠎ᠠ ᠶᠢᠨ ᠡᠬᠡ ᠨᠤᠤᠷᠠᠭ ᠢ ᠪᠠᠶᠢᠳᠠᠯ ᠬᠠᠷᠢᠭᠤ ᠃

ᠾᠧ ᠪᠢᠶᠤᠤ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ 》 ︵︶᠋ ᠢᠢᠨ ᠡᠴᠦᠰ ᠦᠨ ᠶᠢᠨ(ᠰᠢᠯᠭᠠᠨ ᠠᠪᠬᠤ )ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠰᠢᠯᠭᠠᠨ ᠠᠪᠬᠤ ᠲᠤᠰᠬᠠᠶ ᠮᠡᠷᠭᠡᠵᠢᠯᠲᠡᠨ ᠦ ᠬᠦᠷᠦᠯᠴᠡᠨ ᠢᠷᠡᠭᠰᠡᠨ ᠳᠦ ᠲᠠᠯᠠᠷᠬᠠᠵᠤ ᠪᠠᠶᠢᠬᠤ ᠪᠠᠨ ᠢᠯᠡᠳᠬᠡᠵᠦ ᠂ ᠡᠭᠦᠨ ᠦ ᠬᠠᠮᠲᠤ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠡᠴᠡ ᠬᠠᠷᠠᠮ ᠦᠭᠡᠢ ᠰᠤᠷᠭᠠᠯ ᠬᠠᠶᠢᠷᠠᠯᠠᠵᠤ᠂ ᠂ ᠨᠠᠶᠢᠷᠠᠭᠤᠯᠬᠤ ᠬᠡᠯᠲᠡᠰ ᠦᠨ ᠨᠥᠬᠥᠳ ᠢ ᠤᠯᠤᠰ ᠲᠦᠷᠤ ᠶᠢᠨ ᠪᠣᠭᠣᠮᠲᠠ᠂ ᠲᠡᠦᠬᠡ ᠶᠢᠨ ᠪᠣᠳᠠᠲᠤ ᠬᠡᠷᠡᠭ ᠦᠨ ᠪᠣᠭᠣᠮᠲᠠ᠂ ᠰᠲ᠋ᠢᠯᠢ ᠶᠢᠨ ᠪᠣᠭᠣᠮᠲᠠ᠂ ᠭᠠᠳᠠᠭᠠᠳᠤ ᠲᠠᠶ ᠬᠣᠯᠪᠣᠭᠳᠠᠬᠤ ᠪᠣᠭᠣᠮᠲᠠ᠂ ᠦᠰᠦᠭ ᠪᠢᠴᠢᠭ ᠦᠨ ᠪᠣᠭᠣᠮᠲᠠ ᠶᠢ ᠴᠢᠩᠭ᠎ᠠ ᠰᠠᠬᠢᠵᠤ᠂ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨ ᠰᠡᠳᠬᠢᠯ ᠡᠴᠡ ᠪᠡᠨ ᠬᠠᠮᠲᠤᠷᠠᠯᠴᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠶᠢᠷᠠᠭᠤᠯᠬᠤ᠂ ᠵᠠᠰᠠᠪᠤᠷᠢ ᠣᠷᠣᠭᠤᠯᠬᠤ ᠡᠭᠦᠷᠭᠡ ᠪᠡᠨ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢ ᠲᠡᠶ ᠪᠡᠷ ᠪᠡᠶᠡᠯᠡᠭᠦᠯᠵᠦ᠂ ᠲᠠᠷᠬᠠᠭᠠᠬᠤ ᠬᠣᠯᠪᠣᠭᠳᠠᠯ ᠪᠦᠬᠥᠢ ᠠᠵᠢᠯ ᠢ ᠰᠠᠶᠢᠲᠤᠷ ᠬᠢᠵᠦ᠂ ᠣᠶᠢᠯᠠᠯᠭ᠎ᠠ ᠶᠢᠨ ᠡᠭᠡ ᠪᠢᠴᠢᠭ ᠢ ᠡᠷᠲᠡᠬᠡᠨ ᠃
ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠤᠯᠤᠰ ᠲᠥᠷᠥ ᠶᠢᠨ ᠦᠵᠡᠯᠲᠡ ᠂ ᠰᠲ᠋ᠢᠯᠢ ᠂ ᠤᠨ ᠪᠠᠶᠢᠷᠢᠯᠠᠭᠤᠯᠤᠯᠲᠠ ᠂ ᠲᠡᠸᠬᠡ ᠶᠢᠨ ᠪᠣᠳᠠᠲᠤ ᠬᠡᠷᠡᠭ ᠦᠨ ᠲᠡᠮᠳᠡᠭᠯᠡᠯ ᠂ ᠵᠢᠷᠤᠮᠵᠢᠯ ᠂ ᠴᠢᠮᠡᠭᠯᠡᠯ ᠬᠠᠪᠢᠰᠤ ᠵᠡᠷᠭᠡ ᠲᠠᠯ᠎ᠠ ᠪᠠᠷ ᠪᠣᠳᠠᠲᠠᠶ ᠪᠥᠭᠡᠳ ᠶᠠᠪᠤᠭᠳᠠᠭᠤᠰᠢᠲᠠᠶ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠦᠨ ᠦᠵᠡᠬᠦ ᠪᠡᠷ ᠂ ᠡᠬᠡ ᠪᠢᠴᠢᠭ ᠦᠨ ᠵᠢᠯᠣᠭᠣᠳᠬᠤ ᠦᠵᠡᠯ ᠰᠠᠨᠠᠭ᠎ᠠ ᠨᠢ ᠲᠣᠳᠣᠷᠬᠠᠶ ᠂ ᠨᠢ ᠦᠨᠳᠦᠰᠦᠨ ᠳᠡᠭᠡᠨ ᠪᠦᠷᠢᠨ ᠂ ᠤᠨ ᠵᠢᠭᠰᠠᠭᠠᠯᠲᠠ ᠨᠢ ᠵᠦᠶ ᠵᠣᠬᠢᠰᠲᠠᠶ ᠂ ᠮᠠᠲ᠋ᠧᠷᠢᠶᠠᠯ ᠨᠢ ᠨᠠᠷᠢᠨ ᠪᠣᠳᠠᠲᠠᠶ ᠪᠥᠭᠡᠳ ᠪᠠᠶᠠᠯᠢᠭ ᠂ ᠠᠷᠭ᠎ᠠ ᠨᠢ ᠦᠨᠳᠦᠰᠦᠨ ᠳᠡᠭᠡᠨ ᠵᠣᠬᠢᠰᠲᠠᠶ ᠂ ᠨᠢ ᠪᠣᠷᠣᠭᠵᠢᠭᠤᠨ ᠪᠥᠭᠡᠳ ᠤᠷᠤᠰᠤᠮ᠎ᠠ ᠂ ᠴᠠᠭ ᠦᠶ᠎ᠡ ᠶᠢᠨ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠢ ᠳᠣᠪᠣᠶᠢᠯᠭᠠᠵᠤ ᠤᠯᠠᠮ ᠨᠢᠭᠡ ᠠᠯᠬᠤᠮ ᠲᠡᠭᠦᠯᠳᠡᠷᠵᠢᠭᠦᠯᠪᠡᠯ ᠂ 《ᠣᠷᠣᠨ ᠨᠤᠲᠤᠭ ᠤᠨ ᠣᠶᠢᠯᠠᠯᠭ᠎ᠠ ᠶᠢᠨ ᠶᠠᠰᠤ ᠴᠢᠨᠠᠷ ᠤᠨ ᠲᠣᠭᠲᠠᠭᠠᠯ 》 ᠤᠨ ᠪᠠᠷᠢᠮᠵᠢᠶ᠎ᠠ ᠳᠤ ᠬᠦᠷᠴᠦ ᠴᠢᠳᠠᠨ᠎ᠠ ᠃ ᠵᠣᠣ ᠽᠠᠢ ᠸᠠᠩ 《︿ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ ﹀ ︵ ︶ ᠢ ᠰᠢᠯᠭᠠᠨ ᠠᠪᠤᠭᠰᠠᠨ ᠰᠠᠨᠠᠯ 》 ᠢ ᠤᠩᠰᠢᠪᠠ ᠃
ᠬᠠᠮᠤᠭ ᠰᠡᠬᠦᠯ ᠳᠦ᠂ ᠵᠤᠤ ᠽᠠᠢ ᠸᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠨᠠᠶᠢᠷᠠᠭᠤᠯᠬᠤ ᠬᠡᠯᠲᠡᠰ ᠦᠨ ᠬᠢᠨ ᠴᠢᠷᠮᠠᠶᠢᠭᠰᠠᠨ ᠳᠡᠭᠡᠷ᠎ᠡ ᠪᠡᠨ ᠴᠢᠷᠮᠠᠶᠢᠵᠤ᠂ ᠡᠴᠦᠰ ᠦᠨ ᠶᠢᠨ ᠰᠠᠨᠠᠯ ᠢ ᠨᠠᠷᠢᠨ ᠬᠢᠨᠠᠮᠠᠭᠠᠢ ᠡᠮᠬᠢᠯᠡᠨ ᠳ᠋ᠦᠩᠨᠡᠬᠦ ᠶᠢᠨ ᠬᠠᠮᠲᠤ ᠲᠤᠰᠬᠠᠢ ᠮᠡᠷᠭᠡᠵᠢᠯᠲᠡᠳ ᠲᠡᠶ ᠴᠠᠭ ᠲᠤᠬᠠᠢ ᠳᠤᠨᠢ ᠂ ᠰᠠᠨᠠᠯ ᠢᠶᠠᠨ ᠰᠣᠯᠢᠯᠴᠠᠵᠤ᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠭᠰᠡᠨ 》 ︵ ︶ ᠋ ᠵᠠᠰᠠᠨ ᠲᠡᠭᠦᠯᠳᠡᠷᠵᠢᠭᠦᠯᠵᠦ᠂ ᠡᠷᠲᠡᠬᠡᠨ ᠲᠠᠷᠬᠠᠭᠠᠬᠤ ᠶᠢ ᠬᠦᠰᠡᠵᠦ ᠪᠠᠶᠢᠨ᠎ᠠ ᠭᠡᠵᠦ ᠱᠠᠭᠠᠷᠳᠠᠪᠠ᠃