ᠵᠤᠬᠢᠶᠠᠭᠴᠢ:
ᠴᠠᠭ:2024-01-26
ᠥᠵᠡᠭᠰᠡᠨ : ℃
ᠢᠷᠡᠯᠲᠡ:
2023 ᠣᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠣᠭ᠎ᠠ ᠪᠦᠷᠢᠳᠬᠡᠯ ᠦᠨ ᠠᠵᠢᠯ ᠡᠬᠢᠯᠡᠪᠡ
ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠤᠯᠠᠮ ᠨᠢᠭᠡ ᠠᠯᠬᠤᠮ ᠪᠥᠬᠥ ᠲᠠᠯ᠎ᠠ ᠪᠠᠷ ᠣᠨᠣᠪᠴᠢᠲᠠᠶ ᠡᠵᠡᠮᠰᠢᠵᠦ ᠂ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠂ 2024 ᠣᠨ ᠤ 1 ᠰᠠᠷ᠎ᠠ ᠶᠢᠨ 8 ᠤ ᠡᠳᠦᠷ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠬᠡᠷ 《2023 ᠣᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠣᠭ᠎ᠠ ᠪᠦᠷᠢᠳᠬᠡᠯ ᠦᠨ ᠠᠵᠢᠯ ᠢ ᠥᠷᠨᠢᠭᠦᠯᠬᠦ ᠲᠤᠬᠠᠶ ᠮᠡᠳᠡᠭᠳᠡᠯ》 ᠢ ᠳᠠᠷᠤᠮᠠᠯᠯᠠᠨ ᠲᠠᠷᠬᠠᠭᠠᠵᠤ ᠂ ᠣᠨ ᠤ ᠲᠣᠭ᠎ᠠ ᠪᠦᠷᠢᠳᠬᠡᠯ ᠦᠨ ᠠᠵᠢᠯ ᠢ ᠵᠢᠩᠬᠢᠨᠢ ᠪᠡᠷ ᠡᠬᠢᠯᠡᠭᠦᠯᠪᠡ ᠃ 1 ᠰᠠᠷ᠎ᠠ ᠶᠢᠨ 17 ᠤ ᠡᠳᠦᠷ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠬᠡᠷ ᠪᠡᠭᠡᠵᠢᠩ ᠳᠦ 2023 ᠣᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠣᠭ᠎ᠠ ᠪᠦᠷᠢᠳᠬᠡᠯ ᠦᠨ ᠠᠵᠢᠯ ᠤᠨ ᠤᠨ ᠠᠩᠭᠢ ᠡᠷᠭᠢᠯᠡᠵᠦ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠬᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠼᠦᠢ ᠸᠧᠶ ᠬᠠᠩ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠪᠠ ᠂ ᠡᠬᠢᠯᠡᠬᠦ ᠶᠣᠰᠣᠯᠠᠯ ᠢ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠬᠡᠷ ᠦᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠂ ᠳᠡᠳ᠋ ᠡᠷᠬᠢᠯᠡᠭᠴᠢ ᠰᠢᠤᠢ ᠶᠣᠣ ᠡᠷᠭᠢᠯᠡᠪᠡ ᠃
ᠼᠦᠢ ᠸᠧᠶ ᠬᠠᠩ ᠵᠢᠭᠠᠵᠤ ᠭᠠᠷᠭᠠᠭᠰᠠᠨ ᠨᠢ ᠂ ᠦᠨᠡᠨ ᠪᠣᠳᠠᠲᠠᠶ ᠪᠥᠭᠡᠳ ᠣᠨᠣᠪᠴᠢᠲᠠᠶ ᠲᠣᠭ᠎ᠠ ᠪᠦᠷᠢᠳᠬᠡᠯ ᠦᠨ ᠲᠣᠭ᠎ᠠ ᠪᠠᠷᠢᠮᠲᠠ ᠪᠣᠯ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠠᠵᠢᠯ ᠢᠶᠠᠨ ᠥᠷᠨᠢᠭᠦᠯᠬᠦ ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠬᠦᠴᠦᠲᠡᠶ ᠲᠤᠯᠭᠠᠭᠤᠷᠢᠯᠠᠯ ᠮᠥᠨ ᠂ ᠲᠣᠭ᠎ᠠ ᠪᠦᠷᠢᠳᠬᠡᠯ ᠦᠨ ᠠᠵᠢᠯ ᠢ ᠰᠠᠶᠢᠲᠤᠷ ᠬᠢᠬᠦ ᠪᠣᠯ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠦᠨᠳᠦᠰᠦᠨ ᠤᠷᠢᠲᠠᠯ ᠮᠥᠨ ᠃ ᠲᠡᠷᠡ ᠴᠢᠬᠤᠯᠠᠴᠢᠯᠠᠭᠰᠠᠨ ᠨᠢ ᠂ ᠶᠡᠷᠦᠩᠬᠡᠶ ᠱᠦᠵᠢ ᠰᠢ ᠶᠢᠨ ᠫᠢᠩ ᠲᠣᠭ᠎ᠠ ᠪᠦᠷᠢᠳᠬᠡᠯ ᠦᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ ᠴᠢᠨᠠᠷ ᠰᠠᠶᠢᠲᠠᠶ ᠬᠥᠭᠵᠢᠯᠲᠡ ᠶᠢ ᠤᠳᠤᠷᠢᠳᠬᠤ ᠪᠠ ᠳᠥᠯᠭᠢᠨ ᠠᠬᠢᠭᠤᠯᠬᠤ ᠶᠢᠨ 《ᠵᠠᠪᠠᠯ ᠰᠤᠷᠬᠤ ᠬᠢᠴᠢᠶᠡᠯ》ᠪᠣᠯᠭᠠᠵᠤ ᠂ ᠲᠣᠭ᠎ᠠ ᠪᠦᠷᠢᠳᠬᠡᠯ ᠦᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠂ ᠴᠢᠨᠠᠷ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠦᠭᠡᠶ ᠬᠡᠷᠡᠭᠲᠡᠶ ᠭᠡᠵᠡᠶ ᠃ ᠨᠢᠭᠡ ᠳᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭ᠎ᠠ ᠪᠦᠷᠢᠳᠬᠡᠯ ᠦᠨ ᠠᠵᠢᠯ ᠤᠨ ᠴᠢᠬᠤᠯᠠ ᠠᠴᠢ ᠬᠣᠯᠪᠣᠭᠳᠠᠯ ᠢ ᠭᠦᠢᠴᠡᠳ ᠲᠠᠨᠢᠬᠤ ᠬᠡᠷᠡᠭᠲᠡᠢ︔ ᠬᠣᠶᠠᠷ ᠲᠤ᠂ ᠬᠠᠷᠠᠯᠲᠠ ᠡᠭᠦᠷᠭᠡ ᠪᠡᠨ ᠲᠣᠳᠣᠷᠬᠠᠶᠢᠯᠠᠵᠤ᠂ ᠲᠣᠭ᠎ᠠ ᠪᠦᠷᠢᠳᠬᠡᠯ ᠦᠨ ᠠᠵᠢᠯ ᠤᠨ ᠠᠮᠢᠨ ᠰᠤᠳᠠᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ︔ ᠭᠤᠷᠪᠠ ᠳᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠦᠴᠦᠨ ᠢ ᠬᠡᠷᠡᠭᠲᠡᠢ᠃ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠲᠣᠭ᠎ᠠ ᠪᠦᠷᠢᠳᠬᠡᠯ ᠦᠨ ᠠᠵᠢᠯᠲᠠᠳ ᠬᠠᠷᠢᠭᠤᠴᠠᠯᠭ᠎ᠠ ᠶᠢᠨ ᠤᠬᠠᠮᠰᠠᠷ ᠢᠶᠠᠨ ᠂ ᠠᠵᠢᠯ ᠤᠨ ᠠᠶᠢᠵᠠᠮ ᠢ ᠡᠵᠡᠮᠳᠡᠨ ᠂ ᠣᠷᠣᠨ ᠨᠤᠲᠤᠭ ᠤᠨ ᠣᠶᠢᠯᠠᠯᠭ᠎ᠠ ᠶᠢᠨ ᠲᠣᠭ᠎ᠠ ᠪᠦᠷᠢᠳᠬᠡᠯ ᠦᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ ᠂ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠃
ᠰᠢᠤᠢ ᠶᠣᠣ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠣᠭ᠎ᠠ ᠪᠦᠷᠢᠳᠬᠡᠯ ᠦᠨ ᠳᠡᠭᠡᠭᠰᠢ ᠮᠡᠳᠡᠭᠦᠯᠬᠦ ᠲᠠᠪᠴᠠᠩ ᠢ ᠰᠢᠯᠢᠳᠡᠭᠵᠢᠭᠦᠯᠦᠨ ᠲᠠᠰ ᠳᠡᠪᠰᠢᠭᠦᠯᠦᠭᠰᠡᠨ ᠪᠠᠶᠢᠳᠠᠯ ᠢ ᠲᠠᠨᠢᠯᠴᠠᠭᠤᠯᠪᠠ ᠃ ᠲᠡᠷᠡ ᠂ ᠡᠭᠦᠷᠭᠡ ᠬᠠᠷᠢᠭᠤᠴᠠᠯᠭ᠎ᠠ ᠪᠠᠨ ᠪᠠᠲᠤ ᠂ ᠬᠠᠷᠢᠭᠤᠴᠠᠯᠭ᠎ᠠ ᠡᠭᠦᠷᠭᠡᠯᠡᠯ ᠢᠶᠡᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠲᠣᠭ᠎ᠠ ᠪᠦᠷᠢᠳᠬᠡᠯ ᠦᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠲᠣᠭ᠎ᠠ ᠪᠦᠷᠢᠳᠬᠡᠯ ᠦᠨ ᠠᠵᠢᠯ ᠤᠨ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠲᠣᠭ᠎ᠠ ᠪᠦᠷᠢᠳᠬᠡᠯ ᠦᠨ ᠲᠣᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠂ ᠲᠣᠭ᠎ᠠ ᠪᠦᠷᠢᠳᠬᠡᠯ ᠦᠨ ᠠᠵᠢᠯ ᠤᠨ ᠲᠥᠪ ᠴᠢᠩᠭ᠎ᠠ ᠴᠢᠨᠠᠷ ᠂ ᠦᠨᠡᠨ ᠪᠣᠳᠠᠲᠤ ᠴᠢᠨᠠᠷ ᠂ ᠣᠨᠣᠪᠴᠢᠲᠤ ᠴᠢᠨᠠᠷ ᠢ ᠳᠡᠭᠡᠭᠰᠢᠯᠡᠭᠦᠯᠵᠦ ᠂ ᠦᠨᠡᠨ ᠬᠦ ᠴᠢᠨᠠᠷ ᠰᠠᠶᠢᠲᠠᠶ ᠲᠣᠭ᠎ᠠ ᠪᠦᠷᠢᠳᠬᠡᠯ ᠦᠨ ᠦᠶᠯᠡᠴᠢᠯᠡᠭᠡ ᠪᠡᠷ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠦᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠃

ᠤᠨ ᠠᠩᠭᠢ ᠳᠤ ᠂ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠣᠭ᠎ᠠ ᠪᠦᠷᠢᠳᠬᠡᠯ ᠦᠨ ᠳᠡᠭᠡᠭᠰᠢ ᠮᠡᠳᠡᠭᠦᠯᠬᠦ ᠲᠠᠪᠴᠠᠩ ᠳᠤ ᠠᠵᠢᠯᠯᠠᠭᠤᠯᠬᠤ ᠵᠢᠭᠠᠨ ᠰᠤᠷᠭᠠᠯᠲᠠ ᠶᠢᠨ ᠃ ᠲᠤᠰ ᠤᠳᠠᠭᠠᠨ ᠤ ᠳᠤ ᠲᠤᠬᠠᠶ ᠶᠢᠨ ᠲᠠᠯᠠᠪᠠᠶ ᠶᠢᠨ ᠬᠤᠷᠠᠯ + ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠬᠦ ᠬᠡᠯᠪᠡᠷᠢ ᠶᠢ ᠠᠪᠴᠤ ᠂ ᠤᠨ ᠭᠣᠣᠯ ᠬᠤᠷᠠᠯ ᠤᠨ ᠲᠠᠯᠠᠪᠠᠶ ᠶᠢ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠬᠡᠰᠡᠭ ᠭᠠᠵᠠᠷ ᠣᠷᠣᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ ᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠡᠦ ᠰᠧᠴᠤᠸᠠᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠴᠧᠨ ᠵᠢᠶᠠᠨ ᠴᠦᠨ ᠂ ᠲᠢᠶᠠᠨᠵᠢᠨ ᠬᠣᠲᠠ ᠶᠢᠨ ᠳᠠᠩᠰᠠ ᠡᠪᠬᠡᠮᠡᠯ ᠦᠨ (ᠲᠢᠶᠠᠨᠵᠢᠨ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠤᠨ ᠠᠯᠪᠠᠨ ᠭᠡᠷ ) ᠤᠨ ᠨᠠᠮ ᠤᠨ ᠬᠣᠷᠢᠶᠠᠨ ᠤ ᠭᠡᠰᠢᠭᠦᠨ ᠂ ᠳᠡᠳ᠋ ᠳᠠᠷᠤᠭ᠎ᠠ ᠡᠦ ᠠᠶ ᠮᠢᠨ ᠂ ᠵᠢᠶᠠᠩᠰᠦ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠬᠣᠶᠠᠳᠤᠭᠠᠷ ᠳᠡᠰ ᠤᠨ ᠲᠣᠭᠣᠷᠢᠨ ᠪᠠᠶᠢᠴᠠᠭᠠᠭᠴᠢ ᠭᠦᠸᠧ ᠢ ᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ ᠴᠢᠦ ᠰᠥᠩ ᠂ ᠰᠧᠴᠤᠸᠠᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ ᠵᠢᠶᠠᠩ ᠬᠣᠩ ᠂ ᠰᠧᠴᠤᠸᠠᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ ᠵᠣᠣ ᠰᠢᠩ ᠨᠡᠷ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠠᠵᠢᠯᠯᠠᠭ᠎ᠠ ᠳᠤ ᠣᠷᠣᠯᠴᠠᠪᠠ ᠃ ᠪᠥᠬᠥ ᠤᠯᠤᠰ ᠤᠨ ᠮᠤᠵᠢ ᠬᠣᠲᠠ ᠰᠢᠶᠠᠨ ᠭᠤᠷᠪᠠᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠲᠣᠭ᠎ᠠ ᠪᠦᠷᠢᠳᠬᠡᠯ ᠦᠨ 2000 ᠭᠠᠷᠤᠶ ᠳᠤ ᠣᠷᠣᠯᠴᠠᠵᠠᠶ ᠃