2023 ᠣᠨ ᠤ ᠭᠣᠶᠢᠳᠠ ᠰᠠᠶᠢᠬᠠᠨ ᠡᠷᠭᠢᠴᠡᠭᠦᠯᠦᠯ
ᠨᠢᠭᠡ
《ᠥᠪᠥᠷ ᠮᠣᠩᠭᠣᠯ ᠤᠨ ᠣᠨ ᠤ ᠣᠶᠢᠯᠠᠪᠤᠷᠢ︵2023︶》ᠪᠣᠯᠤᠨ《ᠤᠯᠠᠭᠠᠨᠬᠠᠳᠠ ᠶᠢᠨ ᠣᠨ ᠤ ᠣᠶᠢᠯᠠᠪᠤᠷᠢ︵2023︶》ᠪᠦᠬᠦ ᠤᠯᠤᠰ ᠤᠨ ᠰᠣᠳᠣᠨ ᠣᠨ ᠤ ᠣᠶᠢᠯᠠᠪᠤᠷᠢ ᠳᠤ ᠰᠣᠩᠭᠣᠭᠳᠠᠵᠤ᠂ ᠬᠣᠣᠰ ᠪᠠᠶᠠᠷ ᠃ 《ᠥᠪᠥᠷ ᠮᠣᠩᠭᠣᠯ ᠤᠨ ᠣᠨ ᠤ ᠣᠶᠢᠯᠠᠪᠤᠷᠢ︵2023︶》ᠪᠣᠯ ᠪᠥᠬᠥ ᠤᠯᠤᠰ ᠤᠨ ᠨᠡᠶᠢᠲᠡ ᠨᠠᠶᠮᠠᠨ ᠪᠦᠯᠦᠭ ᠦᠨ ᠰᠢᠯᠭᠠᠷᠠᠭᠤᠯᠤᠯᠲᠠ ᠶᠢᠨ ᠲᠠᠪᠤᠳᠠᠬᠢ ᠳ᠋ᠤᠨᠢ ᠰᠣᠩᠭᠣᠭᠳᠠᠭᠰᠠᠨ ᠮᠤᠵᠢ ᠶᠢᠨ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠪᠣᠯᠬᠤ ᠪᠥᠭᠡᠳ ᠮᠥᠨ ᠴᠦ ᠣᠲᠣ ᠪᠣᠯᠲᠠᠯᠠᠬᠢ ᠴᠣᠷ ᠤᠨ ᠭᠠᠭᠴᠠ ᠰᠣᠩᠭᠣᠭᠳᠠᠭᠰᠠᠨ ᠬᠢᠯᠢ ᠬᠢᠵᠠᠭᠠᠷ ᠤᠨ ᠦᠨᠳᠦᠰᠦᠲᠡᠨ ᠦ ᠭᠠᠵᠠᠷ ᠣᠷᠣᠨ ᠤ ᠮᠤᠵᠢ ᠶᠢᠨ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠪᠣᠯᠣᠨ᠎ᠠ ᠃ 《ᠤᠯᠠᠭᠠᠨᠬᠠᠳᠠ ᠶᠢᠨ ᠣᠨ ᠤ ᠣᠶᠢᠯᠠᠪᠤᠷᠢ︵2023︶》ᠪᠣᠯ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠤᠮᠳᠠᠳᠤ ᠤᠯᠤᠰ ᠤᠨ ᠰᠣᠳᠣᠨ ᠣᠨ ᠤ ᠣᠶᠢᠯᠠᠪᠤᠷᠢ ᠳᠤ ᠰᠣᠩᠭᠣᠭᠳᠠᠭᠰᠠᠨ ᠲᠤᠰᠬᠠᠶ ᠣᠷᠣᠨ ᠬᠣᠲᠠ ᠶᠢᠨ ᠲᠠᠰ ᠤᠨ ᠣᠨ ᠤ ᠣᠶᠢᠯᠠᠪᠤᠷᠢ ᠪᠣᠯᠤᠨ᠎ᠠ ᠃
ᠬᠣᠶᠠᠷ
ᠠᠩᠬᠠᠳᠤᠭᠠᠷ ᠬᠤᠭᠤᠴᠠᠭᠠᠨ ᠤ ᠥᠪᠥᠷ ᠮᠣᠩᠭᠣᠯ ᠤᠨ ᠣᠨ ᠤ ᠰᠣᠳᠣᠨ ᠣᠶᠢᠯᠠᠪᠤᠷᠢ ᠶᠢᠨ ᠢᠨᠵᠸᠨ᠋ᠸᠷᠢᠩ ᠢ ᠬᠡᠷᠡᠭᠵᠢᠭᠦᠯᠪᠡ ᠃ 《ᠲᠦᠩᠯᠢᠶᠣᠤ ᠶᠢᠨ ᠣᠨ ᠤ ᠣᠶᠢᠯᠠᠪᠤᠷᠢ︵2023︶》《ᠪᠠᠷᠠᠭᠤᠨ ᠦᠵᠦᠮᠦᠴᠢᠨ ᠦ ᠣᠨ ᠤ ᠣᠶᠢᠯᠠᠪᠤᠷᠢ︵2023︶》《ᠵᠠᠯᠠᠨ ᠠᠶᠢᠯ ᠤᠨ ᠣᠨ ᠤ ᠣᠶᠢᠯᠠᠪᠤᠷᠢ︵2023︶》 《ᠪᠤᠭᠤᠲᠤ ᠬᠣᠲᠠ ᠶᠢᠨ ᠴᠢᠩᠱᠠᠨ ᠲᠣᠭᠣᠷᠢᠭ ᠤᠨ ᠣᠨ ᠤ ᠣᠶᠢᠯᠠᠪᠤᠷᠢ︵2023︶》 ᠪᠦᠯᠦᠭ ᠦᠨ 《ᠥᠪᠥᠷ ᠮᠣᠩᠭᠣᠯ ᠤᠨ ᠰᠣᠳᠣᠨ ᠣᠨ ᠤ ᠣᠶᠢᠯᠠᠪᠤᠷᠢ 》 ᠳ᠋ᠤ ᠰᠣᠩᠭᠣᠭᠳᠠᠪᠠ ᠃
ᠭᠤᠷᠪᠠ
ᠶᠢᠰᠦᠳᠦᠭᠡᠷ ᠬᠤᠭᠤᠴᠠᠭᠠᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠯᠢᠳᠡᠭ ᠦᠷ᠎ᠡ ᠪᠦᠲᠦᠭᠡᠯ︵ᠣᠨ ᠤ ᠣᠶᠢᠯᠠᠪᠤᠷᠢ ᠶᠢᠨ ᠲᠥᠷᠥᠯ︶ ᠤᠨ ᠰᠢᠯᠭᠠᠷᠠᠭᠤᠯᠤᠯᠲᠠ ᠳᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 16 ᠣᠨ ᠤ ᠣᠶᠢᠯᠠᠪᠤᠷᠢ ᠨᠡᠪᠲᠡᠷᠡᠭᠦᠯᠦᠭᠳᠡᠨ ᠰᠠᠶᠢᠰᠢᠶᠠᠭᠳᠠᠵᠤ ᠂ ᠰᠢᠯᠭᠠᠷᠠᠭᠤᠯᠤᠭᠰᠠᠨ ᠠᠴᠠ ᠨᠠᠰᠢᠬᠢ ᠲᠡᠸᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ ᠃
ᠲᠦᠷᠪᠡ
ᠪᠥᠬᠥ ᠣᠷᠣᠨ ᠤ ᠭᠤᠷᠪᠠᠨ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠶᠢᠨ ᠣᠨ ᠤ ᠳᠣᠲᠣᠷ᠎ᠠ ᠰᠢᠯᠵᠢᠭᠦᠯᠦᠨ ᠲᠤᠰᠢᠶᠠᠵᠤ ᠬᠡᠪᠯᠡᠭᠦᠯᠬᠦ ᠨᠣᠷᠮ᠎ᠠ ᠵᠢᠯ ᠳᠠᠷᠠᠭᠠᠯᠠᠨ ᠳᠡᠭᠡᠭᠰᠢᠯᠡᠵᠦ ᠂ 《ᠨᠢᠭᠡ ᠵᠢᠯ ᠳᠦ ᠨᠢᠭᠡ ᠣᠨ ᠤ ᠣᠶᠢᠯᠠᠪᠤᠷᠢ ᠨᠠᠶᠢᠷᠠᠭᠤᠯᠵᠤ ᠭᠠᠷᠭᠠᠬᠤ ᠂ ᠢᠯᠡ ᠪᠡᠷ ᠬᠡᠪᠯᠡᠭᠦᠯᠬᠦ 》ᠦᠷ᠎ᠡ ᠪᠦᠲᠦᠭᠡᠯ ᠢ ᠤᠯᠠᠮ ᠨᠢᠭᠡ ᠠᠯᠬᠤᠮ ᠪᠡᠬᠢᠵᠢᠭᠦᠯᠪᠡ ᠃ 2023 ᠣᠨ ᠳᠤ ᠂ ᠬᠣᠶᠠᠷ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠶᠢᠨ ᠣᠨ ᠤ ᠳᠣᠲᠣᠷ᠎ᠠ ᠰᠢᠯᠵᠢᠭᠦᠯᠦᠨ ᠲᠤᠰᠢᠶᠠᠵᠤ ᠬᠡᠪᠯᠡᠭᠦᠯᠬᠦ ᠨᠣᠷᠮ᠎ᠠ 95% ᠠᠴᠠ ᠳᠡᠭᠡᠭᠰᠢ ᠳᠦ ᠬᠦᠷᠪᠡ ᠃
2024 ᠣᠨ ᠳᠤ ᠪᠥᠬᠥ ᠲᠠᠯ᠎ᠠ ᠪᠠᠷ ᠡᠬᠢᠯᠡᠭᠦᠯᠪᠡ
ᠪᠥᠬᠥ ᠣᠷᠣᠨ ᠤ ᠭᠤᠷᠪᠠᠨ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ 117 ᠶᠢ ᠵᠣᠬᠢᠶᠠᠨ ᠪᠠᠶᠢᠭᠤᠯᠤᠨ ᠨᠠᠶᠢᠷᠠᠭᠤᠯᠵᠤ ᠂ ᠡᠭᠦᠨ ᠳᠦ ᠥᠪᠡᠷᠲᠡᠭᠡᠨ ᠵᠠᠰᠠᠬᠤ ᠣᠷᠣᠨ ᠤ ᠱᠠᠲᠤᠨ ᠤ 1 ᠂ ᠠᠶᠢᠮᠠᠭ ᠬᠣᠲᠠ ᠶᠢᠨ ᠱᠠᠲᠤᠨ ᠤ 12 ᠂ ᠬᠣᠰᠢᠭᠤ ᠰᠢᠶᠠᠨ︵ᠬᠣᠲᠠ ᠂ ᠲᠣᠭᠣᠷᠢᠭ︶ ᠤ ᠱᠠᠲᠤᠨ ᠤ 104 ᠪᠣᠯᠣᠨ᠎ᠠ ᠃ 4 ᠰᠠᠷ᠎ᠠ ᠶᠢᠨ ᠳᠤᠮᠳᠠᠴᠢ ᠪᠣᠯᠲᠠᠯ᠎ᠠ 117 ᠶᠢ ᠨᠠᠶᠢᠷᠠᠭᠤᠯᠤᠨ ᠡᠬᠢᠯᠡᠵᠦ ᠂ ᠡᠬᠢᠯᠡᠭᠦᠯᠦᠭᠰᠡᠨ ᠨᠣᠷᠮ᠎ᠠ 100% ᠳᠤ ᠬᠦᠷᠴᠡᠢ ᠃ ᠪᠥᠬᠥ ᠣᠷᠣᠨ ᠤ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ 16 ᠨᠢ ᠡᠬᠡ ᠪᠢᠴᠢᠭ ᠪᠢᠴᠢᠭᠰᠡᠳ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠢᠵᠦ ᠂ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠥᠰ 2400 ᠢᠯᠡᠭᠦᠦ ᠳᠦ ᠬᠦᠷᠪᠡ ᠃
《ᠥᠪᠥᠷ ᠮᠣᠩᠭᠣᠯ ᠤᠨ ᠣᠨ ᠤ ᠣᠶᠢᠯᠠᠪᠤᠷᠢ︵2024︶》
3 ᠳ᠋ᠤᠭᠠᠷ ᠰᠠᠷ᠎ᠠ ᠶᠢᠨ 15 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ 《ᠥᠪᠥᠷ ᠮᠣᠩᠭᠣᠯ ᠤᠨ ᠣᠨ ᠤ ᠣᠶᠢᠯᠠᠪᠤᠷᠢ︵2024︶》 ᠵᠢᠨ ᠡᠬᠡ ᠪᠢᠴᠢᠭ ᠪᠢᠴᠢᠭᠴᠢᠳ ᠦᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠡᠶᠢᠲᠡ 370 ᠭᠠᠷᠤᠶ ᠬᠥᠮᠦᠨ ᠲᠤᠬᠠᠶ ᠶᠢᠨ ᠲᠠᠯᠠᠪᠤᠷ ᠲᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ ᠃ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠡᠷᠭᠡ 24 ᠰᠢᠯᠢᠳᠡᠭ ᠡᠬᠡ ᠪᠢᠴᠢᠭ ᠬᠠᠩᠭᠠᠭᠰᠠᠨ ᠨᠢᠭᠡᠴᠢ ᠪᠣᠯᠤᠨ ᠬᠠᠮᠢᠶ᠎ᠠ ᠪᠥᠬᠥᠶ ᠰᠢᠯᠢᠳᠡᠭ ᠡᠬᠡ ᠪᠢᠴᠢᠭ ᠬᠠᠩᠭᠠᠭᠴᠢ ᠶᠢ ᠬᠥᠬᠢᠭᠦᠯᠦᠨ ᠰᠠᠶᠢᠰᠢᠶᠠᠪᠠ ᠃
《ᠳ᠋ᠦᠩᠾᠸ ᠶᠢᠨ ᠣᠨ ᠤ ᠣᠶᠢᠯᠠᠪᠤᠷᠢ ︵2024︶》
3 ᠳ᠋ᠤᠭᠠᠷ ᠰᠠᠷ᠎ᠠ ᠶᠢᠨ 7 ᠤ ᠡᠳᠦᠷ ᠂ ᠪᠤᠭᠤᠲᠤ ᠬᠣᠲᠠ ᠶᠢᠨ ᠳ᠋ᠦᠩᠾᠸ ᠲᠣᠭᠣᠷᠢᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ 《ᠳ᠋ᠦᠩᠾᠸ ᠶᠢᠨ ᠣᠨ ᠤ ᠣᠶᠢᠯᠠᠪᠤᠷᠢ︵2024︶》 ᠶᠢᠨ ᠬᠠᠮᠢᠶ᠎ᠠ ᠪᠥᠬᠥᠶ ᠡᠬᠡ ᠪᠢᠴᠢᠭ ᠬᠠᠩᠭᠠᠬᠤ ᠠᠵᠤ ᠠᠬᠤᠶᠢᠯᠠᠯ ᠳᠤ ᠣᠨ ᠤ ᠣᠶᠢᠯᠠᠪᠤᠷᠢ ᠨᠠᠶᠢᠷᠠᠭᠤᠯᠬᠤ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠣᠳᠬᠤ ᠪᠣᠯᠪᠠᠰᠤᠷᠠᠭᠤᠯᠤᠯ ᠬᠢᠪᠠ ᠃ ᠪᠤᠭᠤᠲᠤ ᠶᠢᠨ ᠬᠥᠩᠭᠡᠨ ᠴᠠᠭᠠᠨ ᠤ ᠦᠶᠯᠡᠰ ᠂ ᠳ᠋ᠦᠩ ᠬᠤᠸᠠ ᠴᠠᠬᠢᠯᠭᠠᠨ ᠤ ᠦᠶᠯᠡᠳᠪᠦᠷᠢ ᠵᠡᠷᠭᠡ 12 ᠬᠥᠩᠭᠡᠨ ᠴᠠᠭᠠᠨ ᠤ ᠦᠶᠯᠡᠰ ᠦᠨ ᠬᠦᠷᠢᠶᠡᠯᠡᠩ ᠲᠣᠭᠣᠷᠢᠭ ᠤᠨ ᠬᠠᠷᠢᠶ᠎ᠠ ᠠᠵᠤ ᠠᠬᠤᠶᠢᠯᠠᠯ ᠤᠨ ᠬᠢᠨ ᠪᠣᠯᠪᠠᠰᠤᠷᠠᠭᠤᠯᠤᠯ ᠳᠤ ᠣᠷᠣᠯᠴᠠᠪᠠ ᠃
《ᠭᠡᠭᠡᠨ ᠭᠣᠣᠯ ᠤᠨ ᠣᠨ ᠤ ᠣᠶᠢᠯᠠᠪᠤᠷᠢ︵2024︶》
1 ᠰᠠᠷ᠎ᠠ ᠶᠢᠨ 5 ᠋ ᠤ ᠡᠳᠦᠷ᠂ ᠭᠡᠭᠡᠨ ᠭᠣᠣᠯ ᠬᠤᠳᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ《ᠭᠡᠭᠡᠨ ᠭᠣᠣᠯ ᠤᠨ ᠣᠨ ᠤ ᠣᠶᠢᠯᠠᠪᠤᠷᠢ︵2024︶》 ᠡᠬᠡ ᠪᠢᠴᠢᠭ ᠪᠢᠴᠢᠭᠰᠡᠳ ᠦᠨ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 90 ᠭᠠᠷᠤᠢ ᠬᠥᠮᠦᠨ ᠲᠤᠬᠠᠢ ᠶᠢᠨ ᠲᠠᠯᠠᠪᠠᠢ ᠳᠤ ᠤᠨ ᠬᠤᠷᠠᠯ ᠳᠤ ᠣᠷᠣᠯᠴᠠᠪᠠ᠃
《ᠵᠠᠯᠠᠶᠢᠨᠠᠭᠤᠷ ᠲᠣᠭᠣᠷᠢᠭ ᠤᠨ ᠣᠨ ᠤ ᠣᠶᠢᠯᠠᠪᠤᠷᠢ︵2024 ᠪᠣᠲᠢ︶》
1 ᠰᠠᠷ᠎ᠠ ᠶᠢᠨ 2 ᠤᠨ ᠡᠳᠦᠷ ᠂ ᠵᠠᠯᠠᠶᠢᠨᠠᠭᠤᠷ ᠲᠣᠭᠣᠷᠢᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠣᠨ ᠤ ᠣᠶᠢᠯᠠᠪᠤᠷᠢ ᠨᠠᠶᠢᠷᠠᠭᠤᠯᠬᠤ ᠥᠷᠨᠢᠭᠦᠯᠪᠡ ᠃ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠳᠣᠪᠣᠶᠢᠯᠭᠠᠬᠤ ᠶᠢᠨ ᠲᠥᠯᠥᠭᠡ ᠂ ᠪᠣᠯᠪᠠᠰᠤᠷᠠᠭᠤᠯᠤᠯ ᠢ ᠲᠥᠷᠥᠯ ᠲᠥᠷᠥᠯ ᠢᠶᠡᠷ ᠨᠢᠭᠡᠴᠢ ᠪᠣᠯᠭᠠᠨ 11 ᠪᠦᠯᠦᠭ ᠤᠳᠠᠭ᠎ᠠ ᠬᠤᠪᠢᠶᠠᠨ ᠶᠠᠪᠤᠭᠳᠠᠭᠤᠯᠵᠤ ᠂ 1 ᠰᠠᠷ᠎ᠠ ᠶᠢᠨ 2 ᠤᠨ ᠡᠳᠦᠷ ᠡᠴᠡ 1 ᠰᠠᠷ᠎ᠠ ᠶᠢᠨ 16 ᠤ ᠡᠳᠦᠷ ᠪᠣᠯᠲᠠᠯ᠎ᠠ ᠂ 80 ᠭᠠᠷᠤᠶ ᠡᠬᠡ ᠪᠢᠴᠢᠭ ᠬᠠᠩᠭᠠᠭᠴᠢ ᠪᠣᠯᠪᠠᠰᠤᠷᠠᠭᠤᠯᠤᠯ ᠳᠤ ᠣᠷᠣᠯᠴᠠᠵᠠᠶ ᠃
《ᠬᠢᠩᠭᠠᠨ ᠤ ᠣᠨ ᠤ ᠣᠶᠢᠯᠠᠪᠤᠷᠢ ︵2024︶》
3 ᠳ᠋ᠤᠭᠠᠷ ᠰᠠᠷ᠎ᠠ ᠶᠢᠨ 6 ᠤ ᠡᠳᠦᠷ ᠂ ᠬᠢᠩᠭᠠᠨ ᠠᠶᠢᠮᠠᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ《ᠬᠢᠩᠭᠠᠨ ᠠᠶᠢᠮᠠᠭ ᠤᠨ ᠣᠨ ᠤ ᠣᠶᠢᠯᠠᠪᠤᠷᠢ︵2024︶》 ᠵᠢᠨ ᠡᠬᠡ ᠪᠢᠴᠢᠭ ᠪᠢᠴᠢᠭᠴᠢᠳ ᠦᠨ ᠪᠣᠯᠪᠠᠰᠤᠷᠠᠭᠤᠯᠤᠯ ᠤᠨ ᠬᠤᠷᠠᠯ ᠡᠷᠭᠢᠯᠡᠵᠦ ᠂ ᠠᠶᠢᠮᠠᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠂ ᠠᠵᠤ ᠠᠬᠤᠶᠢᠯᠠᠯ ᠠᠵᠢᠯ ᠦᠶᠯᠡᠰ ᠦᠨ ᠨᠢᠭᠡᠴᠢ ᠵᠢᠴᠢ ᠬᠣᠰᠢᠭᠤ ᠰᠢᠶᠠᠨ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠢᠰᠲ᠋ᠧᠮ ᠦᠨ ᠨᠡᠶᠢᠲᠡ 120 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ ᠃
《ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠣᠨ ᠤ ᠣᠶᠢᠯᠠᠪᠤᠷᠢ︵2024︶》
4 ᠰᠠᠷ᠎ᠠ ᠶᠢᠨ 10 ᠤ ᠡᠳᠦᠷ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ 《ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠣᠨ ᠤ ᠣᠶᠢᠯᠠᠪᠤᠷᠢ︵2024︶》ᠵᠢᠨ ᠡᠬᠡ ᠪᠢᠴᠢᠭ ᠪᠢᠴᠢᠭᠴᠢᠳ ᠦᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠡᠶᠢᠲᠡ 140 ᠭᠠᠷᠤᠶ ᠬᠥᠮᠦᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ ᠃
《ᠺᠠᠶᠢᠯᠦ ᠶᠢᠨ ᠣᠨ ᠤ ᠣᠶᠢᠯᠠᠪᠤᠷᠢ ︵2024)︶》
4 ᠰᠠᠷ᠎ᠠ ᠶᠢᠨ 2᠋ ᠤᠨ ᠡᠳᠦᠷ᠂ ᠺᠠᠶᠢᠯᠦ ᠰᠢᠶᠠᠨ ᠤ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ《ᠺᠠᠶᠢᠯᠦ ᠶᠢᠨ ᠣᠨ ᠤ ᠣᠶᠢᠯᠠᠪᠤᠷᠢ︵2024︶》ᠵᠢᠨ ᠡᠬᠡ ᠪᠢᠴᠢᠭ ᠪᠢᠴᠢᠭᠴᠢᠳ ᠦᠨ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠢᠢᠳᠠ 110 ᠭᠠᠷᠤᠢ ᠬᠥᠮᠦᠨ ᠲᠤᠬᠠᠢ ᠶᠢᠨ ᠲᠠᠯᠠᠪᠠᠢ ᠳᠤ ᠤᠨ ᠬᠤᠷᠠᠯ ᠳᠤ ᠣᠷᠣᠯᠴᠠᠪᠠ᠃
《ᠤᠯᠠᠭᠠᠨᠬᠠᠳᠠ ᠶᠢᠨ ᠣᠨ ᠤ ᠣᠶᠢᠯᠠᠪᠤᠷᠢ︵2024︶》
3 ᠰᠠᠷ᠎ᠠ ᠶᠢᠨ 6 ᠤ ᠡᠳᠦᠷ ᠂ ᠤᠯᠠᠭᠠᠨᠬᠠᠳᠠ ᠬᠣᠲᠠ ᠶᠢᠨ ᠲᠠᠩᠰᠠ ᠡᠪᠬᠡᠮᠡᠯ ᠦᠨ ᠲᠡᠸᠬᠡ ᠣᠶᠢᠯᠠᠯᠭ᠎ᠠ ᠶᠢᠨ ᠰᠠᠩ 2024 ᠣᠨ ᠤ ᠪᠥᠬᠥ ᠬᠣᠲᠠ ᠶᠢᠨ ᠣᠨ ᠤ ᠣᠶᠢᠯᠠᠪᠤᠷᠢ ᠪᠢᠴᠢᠭᠰᠡᠳ ᠦᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠠ ᠃ ᠬᠤᠳᠠ ᠶᠢᠨ ᠨᠠᠮ ᠤᠨ ᠬᠣᠷᠢᠢ᠎ᠠ ᠶᠢᠨ ᠡᠯ᠎ᠡ ᠵᠥᠪᠯᠡᠯ ᠠᠯᠪᠠᠨ ᠭᠡᠷ ᠲᠣᠪᠴᠢᠢ᠎ᠠ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠥᠪ ᠦᠨ ᠪᠠ ᠣᠷᠣᠨ ᠤ ᠤᠯᠠᠭᠠᠨᠬᠠᠳᠠ ᠰᠠᠭᠤᠭ᠎ᠠ ᠰᠢᠭᠤᠳ ᠬᠠᠷᠢᠶ᠎ᠠ ᠨᠢᠭᠡᠴᠢ ᠶᠢᠨ 100 ᠭᠠᠷᠤᠢ ᠣᠨ ᠤ ᠣᠶᠢᠯᠠᠪᠤᠷᠢ ᠪᠢᠴᠢᠭᠴᠢ ᠳᠤ ᠣᠷᠣᠯᠴᠠᠪᠠ᠃ ᠬᠤᠷᠠᠯ ᠳᠡᠭᠡᠷ᠎ᠡ᠂ 31 ᠰᠢᠯᠢᠳᠡᠭ ᠡᠬᠡ ᠪᠢᠴᠢᠭ ᠬᠠᠩᠭᠠᠭᠰᠠᠨ ᠨᠢᠭᠡᠴᠢ ᠵᠢᠴᠢ 21 ᠰᠢᠯᠢᠳᠡᠭ ᠡᠬᠡ ᠪᠢᠴᠢᠭ ᠬᠠᠩᠭᠠᠭᠴᠢ ᠶᠢ ᠨᠡᠪᠲᠡᠷᠡᠭᠦᠯᠦᠨ ᠰᠠᠶᠢᠰᠢᠶᠠᠪᠠ᠃
《ᠠᠪᠠᠭ᠎ᠠ ᠬᠣᠰᠢᠭᠤᠨ ᠤ ᠣᠨ ᠤ ᠣᠶᠢᠯᠠᠪᠤᠷᠢ︵2024︶》
2023 ᠣᠨ ᠤ 12 ᠰᠠᠷ᠎ᠠ ᠶᠢᠨ 19 ᠋ ᠦ ᠡᠳᠦᠷ᠂ ᠠᠪᠠᠭ᠎ᠠ ᠬᠣᠰᠢᠭᠤᠨ ᠤ ᠲᠡᠦᠬᠡ ᠣᠶᠢᠯᠠᠯᠭ᠎ᠠ ᠶᠢᠨ ᠰᠠᠩ ᠣᠨ ᠤ ᠣᠶᠢᠯᠠᠪᠤᠷᠢ ᠶᠢᠨ ᠡᠬᠡ ᠪᠢᠴᠢᠭ ᠪᠢᠴᠢᠭᠴᠢᠳ ᠦᠨ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 140 ᠭᠠᠷᠤᠢ ᠬᠥᠮᠦᠨ ᠳᠤ ᠣᠷᠣᠯᠴᠠᠪᠠ᠃
《ᠣᠷᠳᠣᠰ ᠤᠨ ᠣᠨ ᠤ ᠣᠶᠢᠯᠠᠪᠤᠷᠢ︵2024︶》
1 ᠰᠠᠷ᠎ᠠ ᠶᠢᠨ 12 ᠤᠨ ᠡᠳᠦᠷ ᠂ ᠣᠷᠳᠣᠰ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠪᠥᠬᠥ ᠬᠣᠲᠠ ᠶᠢᠨ 《ᠣᠷᠳᠣᠰ ᠤᠨ ᠣᠨ ᠤ ᠣᠶᠢᠯᠠᠪᠤᠷᠢ︵2024︶》 ᠶᠢᠨ ᠡᠬᠡ ᠪᠢᠴᠢᠭ ᠪᠢᠴᠢᠭᠰᠡᠳ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ 2024 ᠣᠨ ᠤ ᠣᠨ ᠤ ᠣᠶᠢᠯᠠᠪᠤᠷᠢ ᠨᠠᠶᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ ᠂ 160 ᠰᠢᠬᠠᠮ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ ᠃ ᠬᠤᠷᠠᠯ ᠳᠡᠭᠡᠷ᠎ᠡ ᠂ ᠬᠢᠶ᠎ᠠ ᠪᠠᠭᠰᠢ ᠲᠣᠭᠣᠷᠢᠭ ᠤᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠵᠡᠷᠭᠡ 《ᠣᠷᠳᠣᠰ ᠤᠨ ᠣᠨ ᠤ ᠣᠶᠢᠯᠠᠪᠤᠷᠢ︵2023︶》 ᠵᠢᠨ ᠡᠬᠡ ᠪᠢᠴᠢᠭ ᠬᠠᠩᠭᠠᠭᠰᠠᠨ 14 ᠰᠢᠯᠢᠳᠡᠭ ᠨᠢᠭᠡᠴᠢ ᠶᠢ ᠨᠡᠪᠲᠡᠷᠡᠭᠦᠯᠦᠨ ᠰᠠᠶᠢᠰᠢᠶᠠᠪᠠ ᠃
《ᠣᠲᠣᠭ ᠬᠣᠰᠢᠭᠤᠨ ᠤ ᠣᠨ ᠤ ᠣᠶᠢᠯᠠᠪᠤᠷᠢ︵2024︶》
3 ᠰᠠᠷ᠎ᠠ ᠶᠢᠨ 21 ᠦ ᠡᠳᠦᠷ ᠂ ᠣᠲᠣᠭ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ 《ᠣᠲᠣᠭ ᠬᠣᠰᠢᠭᠤᠨ ᠤ ᠣᠨ ᠤ ᠣᠶᠢᠯᠠᠪᠤᠷᠢ︵2024︶》ᠵᠢᠨ ᠡᠬᠡ ᠪᠢᠴᠢᠭ ᠪᠢᠴᠢᠭᠴᠢᠳ ᠦᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠡᠶᠢᠲᠡ 230 ᠭᠠᠷᠤᠶ ᠬᠥᠮᠦᠨ ᠲᠤᠬᠠᠶ ᠶᠢᠨ ᠲᠠᠯᠠᠪᠤᠷ ᠲᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ ᠃ ᠬᠤᠷᠠᠯ ᠳᠡᠭᠡᠷ᠎ᠡ ᠂ ᠣᠲᠣᠭ ᠬᠣᠰᠢᠭᠤᠨ ᠤ ᠬᠠᠮ ᠵᠠᠭᠤᠴᠢᠯᠠᠭᠤᠷ ᠵᠡᠷᠭᠡ 《ᠣᠲᠣᠭ ᠬᠣᠰᠢᠭᠤᠨ ᠤ ᠣᠨ ᠤ ᠣᠶᠢᠯᠠᠪᠤᠷᠢ︵2023︶》 ᠵᠢᠨ ᠡᠬᠡ ᠪᠢᠴᠢᠭ ᠬᠠᠩᠭᠠᠭᠰᠠᠨ 10 ᠰᠢᠯᠢᠳᠡᠭ ᠨᠢᠭᠡᠴᠢ ᠶᠢ ᠨᠡᠪᠲᠡᠷᠡᠭᠦᠯᠦᠨ ᠰᠠᠶᠢᠰᠢᠶᠠᠪᠠ ᠃
《ᠵᠡᠭᠦᠨᠭᠠᠷ ᠤᠨ ᠣᠨ ᠤ ᠣᠶᠢᠯᠠᠪᠤᠷᠢ ︵2024︶》
2023 ᠣᠨ ᠤ 11 ᠰᠠᠷ᠎ᠠ ᠶᠢᠨ 20 ᠤ ᠡᠳᠦᠷ ᠂ ᠵᠡᠭᠦᠨᠭᠠᠷ ᠬᠣᠰᠢᠭᠤᠨ ᠤ ᠲᠠᠩᠰᠠ ᠡᠪᠬᠡᠮᠡᠯ ᠦᠨ ᠲᠣᠪᠴᠢᠶ᠎ᠠ ᠂ ᠵᠡᠭᠦᠨᠭᠠᠷ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ 《ᠵᠡᠭᠦᠨᠭᠠᠷ ᠤᠨ ᠣᠨ ᠤ ᠣᠶᠢᠯᠠᠪᠤᠷᠢ︵2024︶》 ᠵᠢᠨ ᠡᠬᠡ ᠪᠢᠴᠢᠭ ᠪᠢᠴᠢᠭᠰᠡᠳ ᠦᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠡᠶᠢᠲᠡ 185 ᠬᠥᠮᠦᠨ ᠲᠤᠬᠠᠶ ᠶᠢᠨ ᠲᠠᠯᠠᠪᠤᠷ ᠲᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ ᠃
《ᠦᠦᠰᠢᠨ ᠦ ᠣᠨ ᠤ ᠣᠶᠢᠯᠠᠪᠤᠷᠢ ︵2024︶》
3 ᠰᠠᠷ᠎ᠠ ᠶᠢᠨ 20 ᠤ ᠡᠳᠦᠷ ᠂ ᠦᠦᠰᠢᠨ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠪᠥᠬᠥ ᠬᠣᠰᠢᠭᠤᠨ ᠤ 《ᠦᠦᠰᠢᠨ ᠤ ᠣᠨ ᠤ ᠣᠶᠢᠯᠠᠪᠤᠷᠢ︵2024︶》 ᠶᠢᠨ ᠡᠬᠡ ᠪᠢᠴᠢᠭ ᠪᠢᠴᠢᠭᠡᠰᠦᠨ ᠦᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠡᠶᠢᠲᠡ 240 ᠭᠠᠷᠤᠶ ᠬᠥᠮᠦᠨ ᠲᠤᠬᠠᠶ ᠶᠢᠨ ᠲᠠᠯᠠᠪᠤᠷ ᠲᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ ᠃ ᠬᠤᠷᠠᠯ ᠳᠡᠭᠡᠷ᠎ᠡ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠦᠦᠰᠢᠨ ᠬᠣᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 《ᠦᠦᠰᠢᠨ ᠦ ᠣᠨ ᠤ ᠣᠶᠢᠯᠠᠪᠤᠷᠢ︵2023︶》 ᠵᠢᠨ ᠡᠬᠡ ᠪᠢᠴᠢᠭ ᠬᠠᠩᠭᠠᠭᠰᠠᠨ 10 ᠰᠢᠯᠢᠳᠡᠭ ᠨᠢᠭᠡᠴᠢ ᠶᠢ ᠨᠡᠪᠲᠡᠷᠡᠭᠦᠯᠦᠨ ᠰᠠᠶᠢᠰᠢᠶᠠᠪᠠ ᠃
《 ᠤᠨ ᠣᠨ ᠤ ᠣᠶᠢᠯᠠᠪᠤᠷᠢ ︵2024︶》
3 ᠰᠠᠷ᠎ᠠ ᠶᠢᠨ 20 ᠤ ᠡᠳᠦᠷ ᠂ ᠣᠷᠳᠣᠰ ᠬᠣᠲᠠ ᠶᠢᠨ ᠳᠠᠯᠠᠳ ᠬᠣᠰᠢᠭᠤᠨ ᠤ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ 《ᠳᠠᠯᠠᠳ ᠤᠨ ᠣᠨ ᠤ ᠣᠶᠢᠯᠠᠪᠤᠷᠢ︵2024︶》 ᠵᠢᠨ ᠡᠬᠡ ᠪᠢᠴᠢᠭ ᠪᠢᠴᠢᠭᠴᠢᠳ ᠦᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠨᠡᠶᠢᠲᠡ 140 ᠭᠠᠷᠤᠶ ᠬᠥᠮᠦᠨ ᠰᠦᠯᠵᠢᠶᠡᠨ ᠳᠡᠭᠡᠷ᠎ᠡ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ ᠃ ᠬᠤᠷᠠᠯ ᠳᠡᠭᠡᠷ᠎ᠡ᠂ ᠨᠢᠭᠡᠳᠦᠮᠡᠯ ᠹᠷᠥᠡᠲᠤᠨ ᠬᠡᠯᠲᠡᠰ᠂ ᠨᠠᠮ ᠤᠨ ᠰᠤᠷᠭᠠᠭᠤᠯᠢ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠦ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠢ᠎ᠠ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠢ᠎ᠠ᠂ ᠵᠡᠭᠡᠰᠦᠲᠡᠢ ᠪᠠᠯᠭᠠᠰᠤ ᠵᠡᠷᠭᠡ 《 ᠤᠨ ᠣᠨ ᠤ ᠣᠶᠢᠯᠠᠪᠤᠷᠢ︵2023︶》 ᠵᠢᠨ ᠡᠬᠡ ᠪᠢᠴᠢᠭ ᠬᠠᠩᠭᠠᠭᠰᠠᠨ 12 ᠰᠢᠯᠢᠳᠡᠭ ᠨᠢᠭᠡᠴᠢ ᠶᠢ ᠨᠡᠪᠲᠡᠷᠡᠭᠦᠯᠦᠨ ᠰᠠᠶᠢᠰᠢᠶᠠᠪᠠ᠃
《ᠪᠠᠶᠠᠨᠨᠠᠭᠤᠷ ᠤᠨ ᠣᠨ ᠤ ᠣᠶᠢᠯᠠᠪᠤᠷᠢ︵2024︶》
3 ᠳ᠋ᠤᠭᠠᠷ ᠰᠠᠷ᠎ᠠ ᠶᠢᠨ 1 ᠦ ᠡᠳᠦᠷ ᠂ ᠪᠠᠶᠠᠨᠨᠠᠭᠤᠷ ᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ 《ᠪᠠᠶᠠᠨᠨᠠᠭᠤᠷ ᠤᠨ ᠣᠨ ᠤ ᠣᠶᠢᠯᠠᠪᠤᠷᠢ︵2024︶》 ᠨᠠᠶᠢᠷᠠᠭᠤᠯᠬᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ ᠃ ᠪᠥᠬᠥ ᠬᠣᠲᠠ ᠶᠢᠨ ᠡᠯ᠎ᠡ ᠬᠣᠰᠢᠭᠤ ᠰᠢᠶᠠᠨ ᠲᠣᠭᠣᠷᠢᠭ ᠂ ᠡᠯ᠎ᠡ ᠡᠬᠡ ᠪᠢᠴᠢᠭ ᠬᠠᠩᠭᠠᠭᠰᠠᠨ ᠨᠢᠭᠡᠴᠢ ᠶᠢᠨ 140 ᠭᠠᠷᠤᠶ ᠬᠥᠮᠦᠨ ᠬᠤᠷᠠᠯ ᠳᠤ ᠣᠷᠣᠯᠴᠠᠵᠠᠶ ᠃
《ᠦᠬᠠᠶ ᠬᠣᠲᠠ ᠶᠢᠨ ᠬᠠᠶᠢᠨᠠᠨ ᠤ ᠣᠨ ᠤ ᠣᠶᠢᠯᠠᠪᠤᠷᠢ︵2024︶》
2 ᠳ᠋ᠤᠭᠠᠷ ᠰᠠᠷ᠎ᠠ ᠶᠢᠨ 22 ᠤᠨ ᠡᠳᠦᠷ ᠂ ᠬᠠᠶᠢᠨᠠᠨ ᠲᠣᠭᠣᠷᠢᠭ ᠪᠥᠬᠥ ᠲᠣᠭᠣᠷᠢᠭ ᠤᠨ《ᠦᠬᠠᠶ ᠬᠣᠲᠠ ᠶᠢᠨ ᠬᠠᠶᠢᠨᠠᠨ ᠤ ᠣᠨ ᠤ ᠣᠶᠢᠯᠠᠪᠤᠷᠢ》ᠵᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ ᠃ ᠪᠥᠬᠥ ᠲᠣᠭᠣᠷᠢᠭ ᠤᠨ ᠡᠯ᠎ᠡ ᠪᠠᠯᠭᠠᠰᠤ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠡᠯ᠎ᠡ ᠪᠠᠶᠢᠭᠤᠯᠭ᠎ᠠ ᠂ ᠠᠵᠤ ᠠᠬᠤᠶᠢᠯᠠᠯ ᠠᠵᠢᠯ ᠦᠶᠯᠡᠰ ᠦᠨ ᠨᠢᠭᠡᠴᠢ ᠂ ᠡᠯ᠎ᠡ ᠣᠯᠠᠨ ᠲᠦᠮᠡᠨ ᠦ ᠪᠦᠯᠬᠦᠮ ᠂ ᠲᠣᠭᠣᠷᠢᠭ ᠲᠤ ᠰᠠᠭᠤᠭ᠎ᠠ ᠬᠠᠮᠢᠶ᠎ᠠ ᠪᠥᠬᠥᠶ ᠨᠢᠭᠡᠴᠢ ᠶᠢᠨ ᠣᠨ ᠤ ᠣᠶᠢᠯᠠᠪᠤᠷᠢ ᠶᠢᠨ ᠡᠬᠡ ᠪᠢᠴᠢᠭ ᠬᠠᠩᠭᠠᠬᠤ 120 ᠭᠠᠷᠤᠶ ᠠᠵᠢᠯᠲᠠᠨ ᠃