ᠵᠤᠬᠢᠶᠠᠭᠴᠢ:
ᠴᠠᠭ:2024-05-10
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠷᠳᠣᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
2024 ᠣᠨ ᠤ 4 ᠰᠠᠷ᠎ᠠ ᠶᠢᠨ 25 ︱ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠬᠣᠶᠠᠳᠤᠭᠠᠷ ᠳᠡᠰ ᠤᠨ ᠲᠣᠭᠣᠷᠢᠨ ᠪᠠᠶᠢᠴᠠᠭᠠᠭᠴᠢ ᠮᠸᠩ ᠹᠠᠩ ᠂ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ ᠵᠣᠣ ᠬᠠᠶ ᠂ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠣᠣ ᠽᠠᠢ ᠸᠠᠩ ᠨᠠᠷ ᠣᠷᠳᠣᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠪᠠᠶᠢᠴᠠᠭᠠᠨ ᠰᠤᠳᠤᠯᠪᠠ ᠃ ᠤᠷᠳᠤᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠨᠠᠮ ᠤᠨ ᠬᠣᠷᠢᠢ᠎ᠠ ᠶᠢᠨ ᠳᠡᠳ᠋ ᠱᠦᠵᠢ ᠲᠤᠤ ᠂ ᠨᠠᠮ ᠵᠠᠰᠠᠭ ᠤᠨ ᠠᠯᠪᠠᠨ ᠭᠡᠷ ᠦᠨ ᠡᠷᠬᠢᠯᠡᠭᠴᠢ ᠴᠢᠶᠣᠤ ᠰᠢᠶᠠᠩ ᠵᠢᠴᠢ ᠬᠠᠮᠢᠶ᠎ᠠ ᠪᠦᠬᠦᠢ ᠰᠠᠯᠪᠤᠷᠢ ᠬᠡᠯᠲᠡᠰ ᠦᠨ ᠠᠵᠢᠯᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
4 ᠰᠠᠷ᠎ᠠ ᠶᠢᠨ 25 ᠋ ᠤ ᠦᠳᠡ ᠶᠢᠨ ᠬᠣᠶᠢᠨᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠳᠤᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠨ ᠰᠤᠳᠤᠯᠭᠠᠨ ᠤ ᠰᠠᠭᠤᠷᠢᠨ ᠭᠠᠵᠠᠷ ᠵᠢᠴᠢ ᠮᠠᠰᠢᠨ ᠴᠠᠬᠢᠯᠭᠠᠨ ᠤ ᠢᠨᠵᠧᠨᠧᠷᠢᠩ ᠦᠨ ᠰᠠᠯᠪᠤᠷᠢ᠂ ᠮᠠᠰᠢᠨ ᠲᠡᠷᠭᠡᠨ ᠦ ᠢᠨᠵᠧᠨᠧᠷᠢᠩ ᠦᠨ ᠰᠠᠯᠪᠤᠷᠢ᠂ ᠬᠢᠮᠢ ᠶᠢᠨ ᠢᠨᠵᠧᠨᠧᠷᠢᠩ ᠦᠨ ᠰᠠᠯᠪᠤᠷᠢ ᠶᠢᠨ ᠡᠯ᠎ᠡ ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠲᠥᠪ ᠢ ᠲᠤᠬᠠᠢ ᠶᠢᠨ ᠭᠠᠵᠠᠷ ᠲᠤᠨᠢ ᠲᠣᠭᠣᠷᠢᠨ ᠦᠵᠡᠪᠡ᠃

4 ᠰᠠᠷ᠎ᠠ ᠶᠢᠨ 26 ᠤ ᠡᠳᠦᠷ ᠦᠨ ᠦᠳᠡ ᠶᠢᠨ ᠡᠮᠦᠨ᠎ᠡ᠂ ᠶᠠᠷᠢᠯᠴᠠᠵᠤ ᠰᠣᠯᠢᠯᠴᠠᠬᠤ ᠬᠤᠷᠠᠯ ᠬᠢᠪᠡ᠃ ᠸᠸᠨ ᠰᠤᠷᠭᠠᠭᠤᠯᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠣᠷᠳᠣᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠪᠣᠯ ᠠᠯᠪᠠᠨ ᠠᠴᠠ ᠡᠷᠭᠢᠯᠡᠭᠰᠡᠨ ᠪᠦᠬᠦᠯᠢ ᠡᠳᠦᠷ ᠦᠨ ᠳᠦᠷᠢᠮᠲᠦ ᠡᠩ ᠦᠨ ᠳᠡᠭᠡᠳᠦ ᠵᠡᠷᠭᠡ ᠶᠢᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠪᠠᠶᠢᠵᠤ ᠂ ᠪᠥᠬᠥ ᠤᠯᠤᠰ ᠤᠨ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠮᠡᠷᠭᠡᠵᠢᠯ ᠦᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠤᠷᠭᠠᠭᠤᠯᠢ ᠶᠢᠨ ᠬᠦᠷᠢᠶ᠎ᠡ ᠂ ᠥᠪᠡᠷᠲᠡᠭᠡᠨ ᠵᠠᠰᠠᠬᠤ ᠣᠷᠣᠨ ᠤ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠂ ᠣᠷᠳᠣᠰ ᠬᠣᠲᠠ ᠶᠢᠨ ᠳᠡᠭᠡᠳᠦ ᠮᠡᠷᠭᠡᠵᠢᠯ ᠦᠨ ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠂ ᠣᠷᠳᠣᠰ ᠬᠣᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠦᠨ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠤᠨ᠎ᠠ ᠃ ᠳᠡᠭᠡᠳᠦ ᠰᠤᠷᠭᠠᠭᠤᠯᠢ ᠨᠢ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠳᠡᠭᠡᠳᠦ ᠬᠡᠪ ᠴᠢᠨᠠᠷ ᠪᠥᠬᠥᠶ ᠮᠡᠷᠭᠡᠵᠢᠯ ᠤᠷ᠎ᠠ ᠮᠡᠷᠭᠡᠰᠢᠯᠳᠦ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠲᠠᠶ ᠨᠢᠭᠲᠠ ᠤᠶᠠᠯᠳᠤᠭᠤᠯᠤᠨ ᠂ ᠦᠶᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠂ ᠴᠢᠳᠠᠪᠤᠷᠢᠲᠠᠨ ᠢᠶᠠᠷ ᠰᠤᠷᠭᠠᠭᠤᠯᠢ ᠪᠠᠨ ᠬᠦᠴᠦᠷᠬᠡᠭᠵᠢᠭᠦᠯᠬᠦ ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ ᠂ ᠣᠶᠢᠷ᠎ᠠ ᠶᠢᠨ ᠭᠤᠷᠪᠠᠨ ᠵᠢᠯ ᠳᠦ ᠲᠡᠭᠦᠰᠦᠭᠰᠡᠨ ᠰᠤᠷᠤᠭᠴᠢᠳ ᠤᠨ ᠠᠵᠢᠯ ᠤᠯᠬᠤ ᠨᠣᠷᠮ᠎ᠠ ᠶᠢ ᠴᠥᠮ 95% ᠡᠴᠡ ᠳᠡᠭᠡᠭᠰᠢ ᠪᠠᠶᠢᠯᠭᠠᠵᠤ ᠂ ᠨᠡᠶᠢᠭᠡᠮ ᠳᠦ ᠨᠢᠭᠡ ᠪᠦᠯᠦᠭ ᠬᠡᠷᠡᠭᠯᠡᠭᠡᠨ ᠦ ᠬᠡᠯᠪᠡᠷᠢ ᠶᠢᠨ ᠮᠡᠷᠭᠡᠵᠢᠯ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠦᠨ ᠬᠦᠷᠭᠡᠭᠰᠡᠨ ᠪᠠᠶᠢᠨ᠎ᠠ ᠃
ᠴᠢᠶᠣᠤ ᠰᠢᠶᠠᠩ《ᠤᠷᠳᠤᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》ᠵᠢ ᠨᠠᠶᠢᠷᠠᠭᠤᠯᠵᠤ ᠪᠠᠶᠢᠭ᠎ᠠ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ 2023 ᠣᠨ ᠤ 6 ᠰᠠᠷ᠎ᠠ ᠳᠤ ᠂ 《ᠣᠷᠳᠣᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》 ᠶᠢ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠶᠢᠨ ᠴᠤᠪᠤᠷᠠᠯ ᠪᠢᠴᠢᠭ ᠦᠨ ᠲᠥᠯᠥᠪᠵᠢᠭᠦᠯᠭᠡ ᠳᠦ ᠣᠷᠣᠭᠤᠯᠤᠭᠰᠠᠨ ᠠᠴᠠ ᠨᠠᠰᠢ ᠂ ᠳᠡᠭᠡᠳᠦ ᠰᠤᠷᠭᠠᠭᠤᠯᠢ ᠨᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠨᠠᠮ ᠤᠨ ᠬᠣᠷᠢᠶ᠎ᠠ ᠶᠢᠨ ᠱᠦᠵᠢ ᠪᠡᠷ ᠮᠠᠩᠯᠠᠶᠢᠯᠠᠭᠤᠯᠤᠭᠰᠠᠨ ᠨᠠᠶᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ᠨᠠᠶᠢᠷᠠᠭᠤᠯᠬᠤ ᠲᠤᠰᠬᠠᠶ ᠠᠩᠭᠢ ᠵᠣᠬᠢᠶᠠᠨ ᠪᠠᠶᠢᠭᠤᠯᠵᠤ ᠂ ᠨᠠᠶᠢᠷᠠᠭᠤᠯᠬᠤ ᠠᠵᠢᠯ ᠤᠨ ᠲᠥᠰᠦᠯ ᠲᠣᠭᠲᠠᠭᠠᠨ ᠂ ᠭᠠᠷᠴᠠᠭᠯᠠᠯ ᠤᠨ ᠬᠥᠲᠥᠯᠪᠦᠷᠢ ᠶᠢ ᠠᠩᠬ᠎ᠠ ᠠᠯᠬᠤᠮ ᠲᠤᠭᠤᠷᠪᠢᠵᠤ ᠂ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠡᠯ᠎ᠡ ᠵᠦᠶᠯ ᠦᠨ ᠠᠵᠢᠯ ᠢ ᠶᠠᠭ ᠯᠠᠪᠳᠠᠭᠤᠨ ᠢᠶᠠᠷ ᠠᠬᠢᠭᠤᠯᠵᠤ ᠪᠠᠶᠢᠨ᠎ᠠ ᠃
ᠵᠣᠣ ᠬᠠᠶ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠶᠢᠨ ᠴᠤᠪᠤᠷᠠᠯ ᠪᠢᠴᠢᠭ ᠢ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ ᠂ 《ᠣᠷᠳᠣᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》 ᠶᠢ ᠨᠠᠶᠢᠷᠠᠭᠤᠯᠬᠤ ᠠᠵᠢᠯ ᠤᠨ ᠣᠳᠣᠬᠠᠨ ᠤ ᠠᠬᠢᠴᠠ ᠵᠢᠴᠢ ᠲᠤᠯᠭᠠᠷᠠᠵᠤ ᠪᠠᠶᠢᠭ᠎ᠠ ᠠᠰᠠᠭᠤᠳᠠᠯ ᠲᠠᠶ ᠤᠶᠠᠯᠳᠤᠭᠤᠯᠤᠨ ᠂ ᠠᠵᠢᠯ ᠤᠨ ᠰᠠᠨᠠᠭᠤᠯᠭ᠎ᠠ ᠳᠤᠷᠠᠳᠪᠠ ᠃ ᠮᠸᠩ ᠹᠠᠩ ᠵᠢᠭᠠᠵᠤ ᠭᠠᠷᠭᠠᠭᠰᠠᠨ ᠨᠢ ᠂ ᠣᠶᠢᠯᠠᠯᠭ᠎ᠠ ᠨᠠᠶᠢᠷᠠᠭᠤᠯᠬᠤ ᠨᠢ ᠣᠳᠣ ᠦᠶ᠎ᠡ ᠳᠦ ᠭᠠᠪᠢᠶ᠎ᠠ ᠪᠠᠶᠢᠭᠤᠯᠵᠤ ᠂ ᠥᠨᠢ ᠡᠭᠦᠷᠢᠳᠡ ᠠᠰᠢᠭ ᠲᠤᠰᠠ ᠲᠠᠶ ᠶᠤᠮ ᠃ ᠲᠡᠦᠬᠡ ᠪᠣᠯ ᠬᠠᠮᠤᠭ ᠤᠨ ᠰᠠᠢᠢᠨ ᠬᠢᠴᠢᠶᠡᠯ ᠦᠨ ᠪᠢᠴᠢᠭ ᠮᠥᠨ᠂ ᠰᠤᠷᠭᠠᠭᠤᠯᠢ ᠶᠢᠨ ᠣᠶᠢᠯᠠᠯᠭ᠎ᠠ ᠶᠢ ᠨᠠᠶᠢᠷᠠᠭᠤᠯᠬᠤ ᠪᠣᠯ ᠨᠢᠭᠡᠨ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠬᠡᠷᠡᠭᠴᠡᠭᠡ ᠮᠥᠨ᠃ ᠳᠡᠭᠡᠳᠦ ᠰᠤᠷᠭᠠᠭᠤᠯᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠥᠨ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠰᠣᠳᠣᠨ ᠪᠦᠲᠦᠭᠡᠯ ᠦᠨ ᠤᠬᠠᠮᠰᠠᠷ ᠢᠶᠠᠨ ᠣᠶᠢᠯᠠᠯᠭ᠎ᠠ ᠨᠠᠶᠢᠷᠠᠭᠤᠯᠬᠤ ᠠᠵᠢᠯ ᠤᠨ ᠪᠥᠬᠥ ᠶᠠᠪᠤᠴᠠ ᠳᠤ ᠂ ᠤᠯᠤᠰ ᠲᠥᠷᠥ ᠶᠢᠨ ᠪᠣᠭᠣᠮᠲᠠ ᠂ ᠲᠡᠸᠬᠡ ᠶᠢᠨ ᠪᠣᠳᠠᠲᠤ ᠪᠠᠷᠢᠮᠲᠠ ᠂ ᠪᠣᠭᠣᠮᠲᠠ ᠂ ᠥᠰᠥᠭ ᠪᠢᠴᠢᠭ ᠦᠨ ᠪᠣᠭᠣᠮᠲᠠ ᠂ ᠬᠡᠪᠯᠡᠯ ᠦᠨ ᠪᠣᠭᠣᠮᠲᠠ ᠶᠢ ᠴᠢᠩᠭ᠎ᠠ ᠠᠳᠬᠤᠵᠤ ᠂ ᠰᠤᠷᠭᠠᠭᠤᠯᠢ ᠶᠢᠨ ᠣᠨᠴᠠᠯᠢᠭ ᠢ ᠢᠯᠡᠷᠡᠭᠦᠯᠦᠭᠰᠡᠨ ᠂ ᠮᠠᠲ᠋ᠧᠷᠢᠶᠠᠯ ᠨᠠᠷᠢᠨ ᠪᠣᠳᠠᠲᠠᠶ ᠂ ᠰᠣᠳᠣᠨ ᠰᠠᠶᠢᠨ ᠣᠶᠢᠯᠠᠯᠭ᠎ᠠ ᠨᠠᠶᠢᠷᠠᠭᠤᠯᠤᠨ ᠬᠡᠪᠯᠡᠭᠦᠯᠬᠦ ᠪᠡᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠶ ᠃ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠭᠠᠷᠴᠠᠭᠯᠠᠯ ᠤᠨ ᠬᠥᠲᠥᠯᠪᠦᠷᠢ ᠶᠢᠨ ᠪᠠᠶᠢᠷᠢᠯᠠᠭᠤᠯᠤᠯᠲᠠ ᠵᠡᠷᠭᠡ ᠵᠠᠷᠢᠮ ᠪᠣᠳᠠᠲᠠᠢ ᠠᠰᠠᠭᠤᠳᠠᠯ ᠤᠨ ᠲᠤᠬᠠᠢ ᠭᠣᠣᠯᠳᠠᠯᠭ᠎ᠠ ᠲᠠᠶ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠲᠤᠤ ᠂ ᠤᠷᠳᠤᠰ ᠤᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠵᠠᠩᠭᠢᠯᠠᠭ᠎ᠠ ᠶᠢᠨ ᠦᠶ᠎ᠡ ᠳᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠡᠭᠡᠳᠦ ᠰᠤᠷᠭᠠᠭᠤᠯᠢ ᠳᠤ ᠬᠦᠷᠴᠦ ᠢᠷᠡᠵᠦ ᠵᠢᠭᠠᠨ ᠵᠢᠯᠣᠭᠣᠳᠴᠤ᠂ ᠲᠤᠰᠬᠠᠢ ᠮᠡᠷᠭᠡᠵᠢᠯ ᠢᠶᠡᠷ ᠬᠠᠪᠰᠤᠷᠤᠨ ᠵᠢᠯᠣᠭᠣᠳᠴᠤ᠂ ᠪᠢᠳᠡᠨ ᠢ ᠬᠠᠪᠰᠤᠷᠤᠨ ᠠᠵᠢᠯ ᠤᠨ ᠰᠡᠳᠬᠢᠴᠡ ᠶᠢ ᠲᠣᠳᠣᠷᠬᠠᠶᠢᠯᠠᠵᠤ᠂ ᠴᠢᠭᠯᠡᠯ ᠪᠣᠯᠤᠨ ᠭᠣᠣᠯᠳᠠᠯᠭ᠎ᠠ ᠶᠢ ᠲᠣᠳᠣᠷᠬᠠᠢ ᠪᠣᠯᠭᠠᠵᠠᠢ ᠃ ᠲᠠᠷᠠᠭᠠᠴᠢ ᠶᠢᠨ ᠠᠯᠬᠤᠮ ᠳᠤ ᠂ ᠳᠡᠭᠡᠳᠦ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠬᠠᠮᠢᠶ᠎ᠠ ᠪᠥᠬᠥᠶ ᠠᠵᠢᠯ ᠤᠨ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠣᠰᠣᠭᠠᠷ ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠨ ᠴᠢᠩᠭᠠᠳᠬᠠᠨ ᠂ ᠬᠠᠮᠢᠶ᠎ᠠ ᠪᠥᠬᠥᠶ ᠲᠦᠷᠢᠮ ᠢ ᠲᠡᠭᠦᠯᠳᠡᠷᠵᠢᠭᠦᠯᠵᠦ ᠂ ᠠᠵᠢᠯ ᠤᠨ ᠪᠠᠲᠤᠯᠠᠭ᠎ᠠ ᠶᠢ ᠰᠠᠶᠢᠲᠤᠷ ᠬᠢᠵᠦ ᠂ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠶ ᠠᠬᠢᠭᠤᠯᠵᠤ ᠂ ᠠᠵᠢᠯ ᠤᠨ ᠡᠭᠦᠷᠭᠡ ᠪᠡᠨ ᠲᠡᠭᠦᠰ ᠠᠮᠵᠢᠯᠲᠠ ᠲᠠᠶ ᠪᠡᠶᠡᠯᠡᠭᠦᠯᠬᠦ ᠶᠢ ᠪᠠᠲᠤᠯᠠᠨ᠎ᠠ ᠭᠡᠪᠡ ᠃
