ᠵᠤᠬᠢᠶᠠᠭᠴᠢ:
ᠴᠠᠭ:2024-06-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ
ᠥᠪᠥᠷ ᠮᠣᠩᠭᠤᠯ ᠤᠨ ᠰᠣᠳᠣᠨ ᠣᠨ ᠣᠢᠯᠠᠪᠤᠷᠢ ︽ᠪᠠᠷᠠᠭᠤᠨ ᠦᠵᠦᠮᠦᠴᠢᠨ ᠦ ᠣᠨ ᠤ ︵2023︶︾ ᠶᠢᠨ ᠲᠠᠨᠢᠯᠴᠠᠭᠤᠯᠭ᠎ᠠ
2024 ᠣᠨ ᠤ 4 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠥᠪᠥᠷ ᠮᠣᠩᠭᠤᠯ ᠤᠨ 4 ᠢᠵᠢ ᠠᠩᠬᠠᠨ ᠤ ᠪᠦᠯᠦᠭ ᠰᠣᠳᠣᠨ ᠪᠦᠲᠦᠭᠡᠯ ᠤᠨ ᠢᠨᠵᠧᠨᠧᠷᠢᠩ ᠤᠨ 《ᠥᠪᠥᠷ ᠮᠣᠩᠭᠤᠯ ᠤᠨ ᠰᠣᠳᠣᠨ ᠣᠨ ᠤ 》 ᠳᠤ ᠰᠣᠩᠭᠤᠭᠳᠠᠭᠰᠠᠨ ᠨᠡᠷᠡᠰ ᠢ ᠨᠡᠶᠢᠲᠡᠯᠡᠵᠦ᠂ 《ᠪᠠᠷᠠᠭᠤᠨ ᠦᠵᠦᠮᠦᠴᠢᠨ ᠣᠨ ᠤ ︵2023︶》ᠠᠮᠵᠢᠯᠲᠠ ᠲᠠᠢ ᠪᠠᠷ ᠰᠣᠩᠭᠤᠭᠳᠠᠪᠠ᠃ ᠡᠨᠡ ᠪᠣᠯ ᠰᠢᠯᠢ ᠶᠢᠨ ᠭᠤᠣᠯ ᠠᠶᠢᠮᠠᠭ ᠤᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠲᠠᠨᠢᠯᠴᠠᠭᠤᠯᠤᠭᠰᠠᠨ ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠵᠦ ᠭᠠᠷᠭᠠᠭᠠᠳ ᠰᠣᠩᠭᠤᠭᠳᠠᠭᠰᠠᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠪᠣᠯᠤᠨ᠎ᠠ᠃ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠦᠩᠬᠦᠨᠱᠠ ᠤᠷᠢᠳ ᠬᠤᠵᠢᠳ ᠨᠤᠲᠠᠯᠠᠯ ᠤᠨ ᠴᠢᠨᠠᠷᠲᠠᠢ ᠴᠣᠬᠤᠯᠠᠪᠤᠷᠢ ᠦᠭᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠮᠡᠳᠡᠭᠳᠡᠯ ᠳᠠᠷᠤᠮᠠᠯᠯᠠᠨ ᠲᠠᠷᠬᠠᠭᠠᠵᠤ᠂ 《ᠪᠠᠷᠠᠭᠤᠨ ᠦᠵᠦᠮᠦᠴᠢᠨ ᠤ ᠣᠨ ᠤ ︵2023︶》 ᠶᠢᠨ ᠨᠠᠶᠢᠷᠠᠭᠤᠯᠬᠤ ᠪᠦᠯᠬᠦᠮ ᠵᠢᠴᠢ ᠪᠦᠷᠢᠯᠳᠦᠭᠦᠨ ᠢ ᠨᠢ ᠨᠡᠪᠲᠡᠷᠡᠭᠦᠯᠦᠨ ᠰᠠᠶᠢᠰᠢᠶᠠᠵᠤ᠂ ᠪᠥᠬᠦ ᠬᠤᠰᠢᠭᠤᠨ ᠤ ᠡᠯ᠎ᠡ ᠨᠢᠭᠡᠴᠢ ᠶᠢ ᠡᠭᠦᠨ ᠢᠶᠠᠷ ᠬᠡᠪ ᠳᠠᠭᠤᠷᠢᠶᠠᠯ ᠪᠣᠯᠭᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠣᠳᠣᠨ ᠪᠦᠲᠦᠭᠡᠯ ᠤᠨ ᠤᠬᠠᠮᠰᠠᠷ ᠢ ᠪᠣᠶ ᠪᠣᠯᠭᠠᠵᠤ᠂ ᠴᠠᠭ ᠦᠶ᠎ᠡ ᠶᠢᠨ ᠰᠢᠯᠢᠳᠡᠭ ᠭᠠᠷᠭᠠᠨ ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠭᠤᠤ ᠶᠡᠭᠡ ᠦᠢᠯᠡᠳᠦᠯᠭᠡ ᠶᠢᠨ ᠳᠤᠮᠳᠠ ᠪᠠᠷᠠᠭᠤᠨ ᠦᠵᠦᠮᠦᠴᠢᠨ ᠬᠤᠰᠢᠭᠤᠨ ᠤ ᠪᠦᠯᠬᠦᠮᠳᠡᠨ ᠲᠡᠮᠡᠴᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ᠂ ᠠᠵᠢᠯ ᠬᠢᠵᠦ ᠦᠢᠯᠡᠰ ᠴᠣᠭᠴᠠᠯᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠶ ᠭᠡᠵᠦ ᠱᠠᠭᠠᠷᠳᠠᠪᠠ᠃
《ᠪᠠᠷᠠᠭᠤᠨ ᠦᠵᠦᠮᠦᠴᠢᠨ ᠤ ᠣᠨ ᠤ 》 ᠶᠢ 2010 ᠣᠨ ᠳᠤ ᠡᠬᠢᠯᠡᠨ ᠬᠡᠪᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠬᠡᠪᠯᠡᠭᠦᠯᠵᠦ ᠂ ᠨᠢᠭᠡᠨᠲᠡ 10 ᠪᠣᠲᠢ ᠬᠡᠪᠯᠡᠭᠦᠯᠦᠨ᠂ 《ᠪᠠᠷᠠᠭᠤᠨ ᠦᠵᠦᠮᠦᠴᠢᠨ ᠤ ᠣᠨ ᠤ ︵2023︶》ᠨᠢ 11 ᠳ᠋ᠤᠭᠡᠷ ᠪᠣᠲᠢ ᠪᠣᠯᠣᠨ᠎ᠠ ᠃ ᠲᠤᠰ ᠨᠣᠮ ᠳᠤ ᠨᠡᠶᠢᠲᠡ 30 ᠲᠥᠷᠥᠯ᠂ 187 ᠬᠤᠪᠢᠶᠠᠷᠢ ᠭᠠᠷᠴᠠᠭ ᠂ 969 ᠵᠤᠷᠪᠤᠰ ᠲᠣᠬᠢᠷᠠᠭᠤᠯᠵᠤ ᠂ 240 ᠵᠢᠷᠤᠭ ᠣᠷᠣᠭᠤᠯᠵᠦ ᠂ ᠨᠡᠶᠢᠲᠡ 80 ᠲᠦᠮᠡᠨ ᠦᠰᠦᠭ ᠪᠣᠢ ᠃ 《ᠪᠠᠷᠠᠭᠤᠨ ᠦᠵᠦᠮᠦᠴᠢᠨ ᠤ ᠣᠨ ᠤ ︵2023︶》 ᠨᠢ ᠪᠠᠷᠠᠭᠤᠨ ᠦᠵᠦᠮᠦᠴᠢᠨ ᠬᠤᠰᠢᠭᠤᠨ ᠤ ᠣᠨᠴᠠᠯᠢᠭᠲᠤ ᠵᠢᠭᠤᠯᠴᠢᠯᠠᠯ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠬᠤ ᠴᠠᠭ ᠦᠶ᠎ᠡ ᠶᠢᠨ ᠦᠵᠡᠮᠵᠢ ᠶᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠂ ᠪᠣᠰᠤᠭ᠎ᠠ ᠴᠣᠭᠴᠠ ᠪᠠᠷ ᠳᠡᠯᠭᠡᠨ ᠬᠠᠷᠠᠭᠤᠯᠤᠭᠰᠠᠨ ᠪᠠᠶᠢᠨ᠎ᠠ ᠃
《ᠪᠠᠷᠠᠭᠤᠨ ᠦᠵᠦᠮᠦᠴᠢᠨ ᠤ ᠣᠨ ᠤ ︵2023︶》 ᠨᠢ《ᠨᠠᠮ ᠤᠨ ᠲᠥᠯᠥᠭᠡ ᠪᠢᠴᠢᠵᠦ ᠤᠯᠠᠮᠵᠢᠯᠠᠬᠤ ᠂ ᠲᠥᠷᠥ ᠤᠯᠤᠰ ᠤᠨ ᠲᠥᠯᠥᠭᠡ ᠲᠡᠦᠬᠡ ᠶᠢ ᠬᠠᠳᠠᠭᠠᠯᠠᠬᠤ ᠂ ᠠᠷᠠᠳ ᠤᠨ ᠲᠥᠯᠥᠭᠡ ᠣᠶᠢᠯᠠᠯᠭ᠎ᠠ ᠨᠠᠶᠢᠷᠠᠭᠤᠯᠬᠤ 》 ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠰᠣᠷᠣᠭᠰᠠᠨ ᠢᠶᠠᠨ ᠬᠡᠷᠡᠭᠯᠡᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠣᠨ ᠤ ᠨᠠᠶᠢᠷᠠᠭᠤᠯᠬᠤ ᠠᠵᠢᠯ ᠢ ᠰᠠᠶᠢᠲᠤᠷ ᠬᠢᠵᠦ᠂ ᠨᠢᠭᠡ ᠳᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠪᠠᠷᠠᠭᠤᠨ ᠦᠵᠦᠮᠦᠴᠢᠨ ᠤ ᠲᠠᠯ᠎ᠠ ᠨᠤᠲᠤᠭ ᠤᠨ ᠠᠷᠠᠳ ᠲᠦᠮᠡᠨ ᠤ ᠣᠭ ᠰᠠᠨᠠᠭ᠎ᠠ ᠪᠠᠨ ᠥᠯᠥ ᠮᠠᠷᠲᠠᠵᠤ᠂ ᠡᠷᠡᠮᠡᠬᠡᠶᠢᠯᠡᠨ ᠤᠷᠤᠭᠰᠢᠯᠠᠭᠰᠠᠨ ᠤᠯᠠᠮᠵᠢᠯᠠᠯ ᠪᠠ ᠬᠥᠭᠵᠢᠯᠲᠡ ᠶᠢᠨ ᠥᠩᠭᠡᠷᠡᠯᠲᠡ ᠶᠢ ᠣᠯᠠᠨ ᠲᠠᠯ᠎ᠠ ᠠᠴᠠ ᠳᠡᠯᠭᠡᠨ ᠬᠠᠷᠠᠭᠤᠯᠪᠠ ᠃ ᠬᠤᠶᠠᠷ ᠲᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠠᠭᠤᠨ ᠦᠵᠦᠮᠦᠴᠢᠨ ᠳᠦ ᠲᠤᠤᠱᠯᠠᠭᠤᠯᠤᠨ ᠨᠠᠶᠢᠳᠠᠪᠤᠷᠢᠵᠢᠭᠤᠯᠤᠭᠰᠠ ᠢ ᠪᠦᠬᠦ ᠲᠠᠯ᠎ᠠ ᠪᠠᠷ ᠢᠯᠡᠷᠡᠭᠦᠯᠪᠡ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠠᠵᠢᠯ ᠤᠨ ᠶᠡᠭᠡ ᠶᠠᠪᠤᠳᠠᠯ᠂ ᠴᠢᠬᠤᠯᠠ ᠶᠠᠪᠤᠳᠠᠯ᠂ ᠰᠢᠨ᠎ᠡ ᠶᠠᠪᠤᠳᠠᠯ ᠢᠶᠠᠷ ᠭᠠᠷᠳᠠᠴᠠ ᠪᠣᠯᠭᠠᠨ ᠣᠨ ᠤ ᠣᠶᠢᠯᠠᠪᠤᠷᠢ ᠶᠢᠨ ᠵᠢᠷᠤᠭ ᠤᠨ ᠲᠤᠰᠬᠠᠢ ᠰᠡᠳᠦᠪ ᠂ᠲᠤᠰᠬᠠᠢ ᠵᠣᠬᠢᠶᠠᠯ ᠢ ᠨᠠᠷᠢᠯᠢᠭ ᠵᠢᠷᠤᠭᠯᠠᠨ ᠲᠥᠯᠥᠪᠯᠡᠵᠦ ᠂ ᠣᠨ ᠤ ᠣᠨᠴᠠᠯᠢᠭ ᠢ ᠲᠤᠪᠤᠶᠢᠯᠭᠠᠪᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠤᠯᠤᠰ ᠲᠥᠷᠥ ᠠᠵᠤ ᠠᠬᠤᠶ ᠨᠡᠶᠢᠭᠡᠮ ᠰᠣᠶᠣᠯ ᠵᠡᠷᠭᠡ ᠡᠯ᠎ᠡ ᠬᠦᠷᠢᠶᠡᠨ ᠤ ᠬᠥᠭᠵᠢᠯᠲᠡ ᠶᠢᠨ ᠪᠣᠳᠠᠲᠤ ᠠᠮᠵᠢᠯᠲᠠ ᠶᠢ ᠪᠦᠬᠦ ᠲᠠᠯ᠎ᠠ ᠪᠠᠷ ᠲᠤᠰᠬᠠᠵᠠᠢ᠃ ᠪᠠᠷᠠᠭᠤᠨ ᠦᠵᠦᠮᠦᠴᠢᠨ ᠤ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠵᠤ᠂ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷᠠᠭ᠎ᠠ ᠳᠠᠬᠢ ᠠᠮᠢᠳᠤᠯᠢᠭ ᠦᠢᠯᠡᠳᠦᠯᠭᠡ ᠶᠢ ᠨᠠᠷᠢᠨ ᠲᠡᠮᠳᠡᠭᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠬᠥᠭᠵᠢᠯᠲᠡ ᠶᠢᠨ ᠥᠩᠭᠡᠷᠡᠯᠲᠡ ᠶᠢ ᠲᠡᠮᠳᠡᠭᠯᠡᠵᠦ᠂ ᠬᠤᠵᠢᠮ ᠤᠨ ᠬᠥᠮᠦᠰ ᠲᠤ ᠬᠠᠳᠠᠭᠠᠯᠠᠭᠤᠰᠢᠲᠠᠢ ᠪᠥᠭᠡᠳ ᠲᠣᠯᠢᠯᠠᠭᠤᠰᠢᠲᠠᠢ ᠲᠡᠮᠳᠡᠭᠯᠡᠯ ᠦᠯᠡᠳᠡᠭᠡᠭᠰᠡᠨ ᠪᠠᠶᠢᠨ᠎ᠠ᠃