ᠵᠤᠬᠢᠶᠠᠭᠴᠢ:
ᠴᠠᠭ:2024-09-20
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠣᠷᠳᠣᠰ ᠤᠨ ᠬᠡᠷᠡᠭᠯᠡᠭᠡᠨ ᠦ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠲᠤ ᠬᠦᠷᠴᠦ ᠶᠠᠷᠢᠯᠴᠠᠨ ᠰᠠᠨᠠᠯ ᠢᠶᠠᠨ ᠰᠣᠯᠢᠯᠴᠠᠪᠠ
2024 ᠣᠨ ᠤ 9 ᠰᠠᠷ᠎ᠠ ᠶᠢᠨ 18 ᠤ ᠦᠳᠡ ᠶᠢᠨ ᠡᠮᠦᠨ᠎ᠡ ᠂ ᠣᠷᠳᠣᠰ ᠤᠨ ᠬᠡᠷᠡᠭᠯᠡᠭᠡᠨ ᠦ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠨᠠᠮ ᠤᠨ ᠬᠣᠷᠢᠶᠠᠨ ᠤ ᠳᠡᠳ᠋ ᠱᠦᠵᠢ ᠴᠢᠨ ᠸᠸᠨ ᠫᠢᠩ᠂ ᠨᠠᠮ ᠵᠠᠰᠠᠭ ᠤᠨ ᠠᠯᠪᠠᠨ ᠬᠡᠷ ᠦᠨ ᠳᠡᠳ᠋ ᠡᠷᠬᠢᠯᠡᠭᠴᠢ ᠬᠤᠤ ᠷᠦᠢ ᠂ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠦᠨ ᠳᠡᠳ᠋ ᠳᠠᠷᠤᠭ᠎ᠠ ᠾᠧ ᠸᠧᠶ ᠨᠡᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠲᠤ ᠬᠦᠷᠴᠦ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠶᠠᠷᠢᠯᠴᠠᠨ ᠰᠣᠯᠢᠯᠴᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠹᠦ᠋ ᠷᠦᠢ ᠪᠢᠶᠤᠤ ᠂ ᠨᠢᠭᠡᠳᠦᠭᠡᠷ ᠳᠡᠰ ᠤᠨ ᠲᠣᠭᠣᠷᠢᠨ ᠪᠠᠶᠢᠴᠠᠭᠠᠭᠴᠢ ᠾᠧ ᠪᠢᠶᠤᠤ ᠂ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ ᠵᠤᠤ ᠬᠠᠢ ᠶᠤᠸᠠᠨ ᠂ ᠠᠯᠪᠠᠨ ᠭᠡᠷ ᠦᠨ ᠳᠡᠳ᠋ ᠡᠷᠬᠢᠯᠡᠭᠴᠢ ᠯᠢ ᠶᠠᠩ ᠵᠢᠴᠢ ᠬᠣᠯᠪᠣᠭᠳᠠᠯ ᠪᠦᠬᠦᠢ ᠬᠥᠮᠦᠰ ᠶᠠᠷᠢᠯᠴᠠᠬᠤ ᠬᠤᠷᠠᠯ ᠳᠤ ᠣᠷᠣᠯᠴᠠᠵᠠᠢ᠃ ᠴᠢᠨ ᠸᠧᠨ ᠫᠢᠩ ᠣᠷᠳᠣᠰ ᠤᠨ ᠬᠡᠷᠡᠭᠯᠡᠭᠡᠨ ᠦ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ᠂ ᠰᠤᠷᠭᠠᠭᠤᠯᠢ ᠡᠷᠭᠢᠯᠡᠵᠦ ᠪᠦᠬᠦᠢ ᠣᠨᠴᠠᠯᠢᠭ ᠵᠡᠷᠭᠡ ᠦᠨᠳᠦᠰᠦᠨ ᠪᠠᠶᠢᠳᠠᠯ ᠵᠢᠴᠢ 《ᠣᠷᠳᠣᠰ ᠤᠨ ᠬᠡᠷᠡᠭᠯᠡᠭᠡᠨ ᠦ ᠮᠡᠷᠭᠡᠵᠢᠯ ᠦᠨ ᠳᠡᠭᠡᠳᠦ ᠰᠤᠷᠭᠠᠭᠤᠯᠢ ᠶᠢᠨ ᠣᠶᠢᠯᠠᠯᠭ᠎ᠠ》 ᠶᠢ ᠨᠠᠶᠢᠷᠠᠭᠤᠯᠤᠨ ᠬᠡᠪᠯᠡᠭᠦᠯᠬᠦ ᠠᠵᠢᠯ ᠤᠨ ᠲᠥᠯᠥᠪᠯᠡᠭᠡ ᠵᠢᠴᠢ ᠡᠮᠦᠨᠡᠬᠢ ᠬᠤᠭᠤᠴᠠᠭᠠᠨ ᠤ ᠪᠡᠯᠡᠳᠬᠡᠯ ᠦᠨ ᠪᠠᠶᠢᠳᠠᠯ ᠢᠶᠡᠨ ᠲᠠᠨᠢᠯᠴᠠᠭᠤᠯᠪᠠ᠃
ᠹᠦ᠋ ᠷᠦᠢ ᠪᠢᠶᠤᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠮᠦᠨ᠎ᠡ ᠡᠴᠡ ᠳᠡᠳ᠋ ᠱᠦᠵᠢ ᠴᠢᠨ ᠸᠸᠨ ᠫᠢᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠲᠠᠰᠤᠭ ᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠣᠯᠤᠨ ᠣᠳᠣᠬᠠᠨ ᠤ ᠭᠣᠣᠯᠳᠠᠯᠭ᠎ᠠ ᠲᠠᠶ ᠠᠵᠢᠯ ᠤᠨ ᠠᠬᠢᠴᠠ ᠶᠢᠨ ᠪᠠᠶᠢᠳᠠᠯ ᠢᠶᠠᠨ ᠲᠠᠨᠢᠯᠴᠠᠭᠤᠯᠵᠤ᠂ ᠥᠪᠥᠷ ᠮᠣᠩᠭᠣᠯ ᠤᠨ ᠳᠡᠭᠡᠳᠦ ᠰᠤᠷᠭᠠᠭᠤᠯᠢ ᠶᠢᠨ ᠣᠶᠢᠯᠠᠯᠭ᠎ᠠ ᠶᠢᠨ ᠴᠤᠪᠤᠷᠠᠯ ᠪᠢᠴᠢᠭ ᠦᠨ ᠲᠥᠯᠥᠪᠵᠢᠭᠦᠯᠭᠡ ᠶᠢ ᠡᠬᠢᠯᠡᠭᠦᠯᠦᠭᠰᠡᠨ ᠵᠢᠴᠢ ᠨᠠᠶᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠭᠣᠣᠯᠳᠠᠯᠭ᠎ᠠ ᠲᠠᠶ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ ᠂ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠲᠤᠬᠠᠶᠢᠯᠠᠭᠰᠠᠨ ᠠᠵᠢᠯ ᠤᠨ ᠵᠢᠯᠣᠭᠣᠳᠣᠯᠭ᠎ᠠ ᠪᠠ ᠦᠶᠯᠡᠴᠢᠯᠡᠭᠡᠨ ᠦ ᠠᠵᠢᠯ ᠢ ᠰᠠᠶᠢᠲᠤᠷ ᠭᠡᠪᠡ᠃ ᠾᠧ ᠪᠢᠶᠣᠤ ᠣᠶᠢᠷ᠎ᠠ ᠶᠢᠨ ᠵᠢᠯ ᠦᠨ ᠲᠤᠷᠰᠢᠬᠢ ᠮᠠᠨ ᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠲᠠᠯ᠎ᠠ ᠶᠢᠨ ᠠᠵᠢᠯ ᠤᠨ ᠦᠷ᠎ᠡ ᠪᠦᠲᠦᠭᠡᠯ ᠵᠢᠴᠢ ᠮᠠᠨ ᠤ ᠣᠷᠣᠨ ᠤ ᠬᠣᠶᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠲᠠᠯ᠎ᠠ ᠶᠢᠨ ᠠᠮᠵᠢᠯᠲᠠ ᠲᠠᠶ ᠲᠤᠷᠰᠢᠯᠭ᠎ᠠ ᠪᠣᠯᠤᠨ ᠪᠦᠲᠦᠮᠵᠢᠲᠡᠶ ᠬᠢᠳᠡᠯ ᠢ ᠲᠠᠨᠢᠯᠴᠠᠭᠤᠯᠤᠭᠰᠠᠨ ᠤ ᠬᠠᠮᠲᠤ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠭᠤᠤᠯᠳᠠᠯᠭ᠎ᠠ ᠲᠠᠶ ᠭᠣᠭᠴᠣᠭ᠎ᠠ ᠵᠢᠴᠢ ᠠᠩᠬᠠᠷᠬᠤ ᠵᠦᠶᠯ ᠵᠡᠷᠭᠡ ᠲᠠᠯ᠎ᠠ ᠪᠠᠷ ᠲᠣᠳᠣᠷᠬᠠᠶᠢᠯᠠᠯᠲᠠ ᠴᠢᠬᠤᠯᠠᠴᠢᠯᠠᠭᠰᠠᠨ ᠪᠠᠶᠢᠨ᠎ᠠ᠃ ᠬᠣᠶᠠᠷ ᠲᠠᠯ᠎ᠠ ᠪᠠᠷ ᠢᠶᠠᠨ ᠪᠠᠰᠠ ᠰᠤᠷᠭᠠᠭᠤᠯᠢ ᠶᠢᠨ ᠣᠶᠢᠯᠠᠯᠭ᠎ᠠ ᠨᠠᠶᠢᠷᠠᠭᠤᠯᠬᠤ ᠳᠤ ᠬᠣᠯᠪᠣᠭᠳᠠᠭᠰᠠᠨ ᠵᠠᠷᠢᠮ ᠪᠣᠳᠠᠲᠠᠶ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃