ᠵᠤᠬᠢᠶᠠᠭᠴᠢ:
ᠴᠠᠭ:2024-12-20
ᠥᠵᠡᠭᠰᠡᠨ : ℃
ᠢᠷᠡᠯᠲᠡ:
ᠪᠦᠬᠦ ᠤᠯᠤᠰ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠤᠨ ᠰᠤᠳᠤᠯᠤᠨ ᠰᠤᠷᠤᠯᠴᠠᠬᠤ ᠠᠩᠭᠢ ᠶᠢ ᠪᠡᠭᠡᠵᠢᠩ ᠳᠤ ᠡᠷᠬᠢᠯᠡᠪᠡ
2024 ᠣᠨ ᠤ 12 ᠰᠠᠷ᠎ᠠ ᠶᠢᠨ 10 ᠤ ᠡᠳᠦᠷ ᠠᠴᠠ 14 ᠤ ᠡᠳᠦᠷ ᠪᠣᠯᠲᠠᠯ᠎ᠠ᠂ ᠪᠥᠬᠦ ᠤᠯᠤᠰ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠤᠨ ᠰᠤᠳᠤᠯᠤᠨ ᠰᠤᠷᠤᠯᠴᠠᠬᠤ ᠠᠩᠭᠢ ᠶᠢ ᠪᠡᠭᠡᠵᠢᠩ ᠳᠤ ᠡᠷᠬᠢᠯᠡᠪᠡ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠧᠨ ᠸᠧᠨ ᠰᠢᠤᠸᠠᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠦᠭᠡ ᠬᠡᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠴᠢᠦ ᠰᠢᠨ ᠯᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃

ᠴᠧᠨ ᠸᠧᠨ ᠰᠢᠤᠸᠠᠢ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠮᠥᠨ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠮᠥᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠳᠤ ᠦᠢᠯᠡᠴᠢᠯᠡᠬᠦ ᠪᠦᠲᠦᠮᠵᠢᠲᠡᠶ ᠠᠷᠭ᠎ᠠ ᠵᠠᠮ ᠮᠥᠨ᠃ ᠡᠯ᠎ᠡ ᠭᠠᠵᠠᠷ ᠤᠨ ᠬᠢᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠣᠶᠢᠯᠠᠯᠭ᠎ᠠ ᠨᠠᠶᠢᠷᠠᠭᠤᠯᠬᠤ ᠠᠵᠢᠯ ᠤᠨ ᠵᠢᠮ᠎ᠡ ᠶᠣᠰᠣ ᠶᠢᠨ ᠲᠤᠬᠠᠶ ᠲᠠᠨᠢᠯᠲᠠ ᠪᠣᠯᠤᠨ ᠪᠠᠲᠤᠯᠠᠭ᠎ᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠶᠢᠨ ᠴᠢᠬᠤᠯᠠᠴᠢᠯᠠᠯ ᠢ ᠪᠠᠲᠤᠯᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︔ ᠶᠠᠰᠤ ᠴᠢᠨᠠᠷ ᠢ ᠲᠡᠷᠢᠭᠦᠨ ᠳᠦ ᠲᠠᠯᠪᠢᠬᠤ ᠶᠢ ᠪᠠᠷᠢᠮᠲᠠᠯᠠᠨ᠂ ᠣᠷᠣᠨ ᠨᠤᠲᠤᠭ ᠤᠨ ᠣᠶᠢᠯᠠᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ︔ ᠣᠨᠣᠯ ᠢ ᠪᠣᠳᠠᠲᠤ ᠪᠠᠶᠢᠳᠠᠯ ᠲᠠᠶ ᠤᠶᠠᠯᠳᠤᠭᠤᠯᠵᠤ᠂ ᠣᠷᠣᠨ ᠨᠤᠲᠤᠭ ᠤᠨ ᠣᠶᠢᠯᠠᠯᠭ᠎ᠠ ᠶᠢᠨ ᠣᠨᠣᠯ ᠤᠨ ᠰᠤᠳᠤᠯᠤᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ︔ ᠡᠩᠨᠡᠭᠡᠨ ᠦ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠣᠷᠣᠨ ᠨᠤᠲᠤᠭ ᠤᠨ ᠣᠶᠢᠯᠠᠯᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ᠃
ᠲᠡᠷᠡ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠣᠯᠳᠠᠯᠭ᠎ᠠ ᠶᠢ ᠲᠤᠪᠤᠶᠢᠯᠭᠠᠬᠤ ᠶᠢ ᠪᠠᠷᠢᠮᠲᠠᠯᠠᠵᠤ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠪᠠ《ᠬᠤᠶᠠᠷ ᠣᠶᠢᠯᠠᠯᠭ᠎ᠠ》 ᠶᠢ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ 《ᠬᠤᠶᠠᠷ ᠣᠶᠢᠯᠠᠯᠭ᠎ᠠ》 ᠶᠢ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢᠨ ᠬᠠᠮᠲᠤ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠰᠣᠳᠣᠨ ᠣᠶᠢᠯᠠᠯᠭ᠎ᠠ ᠨᠠᠶᠢᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠠᠭᠤᠤ ᠦᠢᠯᠡᠰ ᠤᠨ ᠰᠢᠨ᠎ᠡ ᠠᠶᠠᠨ ᠳᠤ ᠣᠷᠣᠨ ᠨᠤᠲᠤᠭ ᠤᠨ ᠣᠶᠢᠯᠠᠯᠭ᠎ᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠲᠤᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠳᠤ ᠹᠦᠳᠠᠨ ᠶᠡᠭᠡ ᠰᠤᠷᠭᠠᠭᠤᠯᠢ ᠶᠢᠨ ᠫᠷᠤᠹᠧᠰᠰᠤᠷ 《ᠭᠤᠷᠪᠠᠳ᠋ᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠤᠬᠠᠶ ᠬᠠᠶᠢᠨ ᠰᠦᠪᠡᠭᠴᠢᠯᠡᠯᠲᠡ》᠂ ᠱᠠᠩᠬᠠᠶ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ ᠵᠢᠶᠠᠩ ᠹᠦ᠋ ᠱᠧᠩ 《 ᠱᠠᠩᠬᠠᠶ ᠬᠣᠲᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠤᠭᠰᠠᠨ ᠦᠢᠯᠡᠳᠦᠯᠭᠡ ᠂ ᠭᠣᠣᠯ ᠠᠰᠠᠭᠤᠳᠠᠯ ᠤᠨ ᠲᠤᠬᠠᠢ ᠡᠷᠭᠢᠴᠡᠭᠦᠯᠦᠨ ᠪᠣᠳᠣᠯᠲᠠ ᠵᠢᠴᠢ ᠭᠤᠷᠪᠠᠳ᠋ᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠤᠬᠠᠶ ᠰᠡᠩᠭᠡᠷᠡᠭᠦᠯᠦᠯ ᠤᠨ ᠲᠤᠯᠢᠳᠠᠯᠲᠠ》ᠭᠡᠬᠦ ᠰᠡᠳᠦᠪ ᠢᠶᠡᠷ᠂ ᠵᠧᠵᠢᠶᠠᠩ ᠮᠤᠵᠢ ᠶᠢᠨ ᠠᠷᠠᠳ ᠵᠠᠰᠠᠭ ᠣᠷᠳᠣᠨ ᠣᠷᠣᠨ ᠨᠤᠲᠤᠭ ᠠᠯᠪᠠᠨ ᠭᠡᠷ ᠸᠠᠢ《︿ᠵᠧᠵᠢᠶᠠᠩ ᠮᠤᠵᠢ ᠶᠢᠨ ᠣᠶᠢᠯᠠᠯᠭ᠎ᠠ﹀ ᠶᠢ ᠨᠠᠶᠢᠷᠠᠭᠤᠯᠤᠭᠰᠠᠨ ᠦᠢᠯᠡᠳᠦᠯᠭᠡ ᠪᠠ ᠣᠶᠢᠯᠠᠭᠠᠯᠲᠠ》᠂ ᠾᠧᠨᠠᠨ ᠮᠤᠵᠢ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠲᠡᠦᠬᠡ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠭᠤᠤ ᠳ᠋ᠦᠩ ᠬᠠᠶ《ᠨ ᠤᠷᠠᠯᠠᠵᠤ ᠨᠢᠮᠪᠠᠢ ᠨᠠᠶᠢᠷᠠᠭᠤᠯᠤᠨ ᠣᠷᠣᠨ ᠨᠤᠲᠤᠭ ᠤᠨ ᠣᠶᠢᠯᠠᠯᠭ᠎ᠠ ᠶᠢᠨ ᠶᠠᠰᠤ ᠴᠢᠨᠠᠷ ᠲᠥᠪ ᠭᠤᠣᠯᠴᠢ ᠪᠠᠷ ᠰᠢᠨ᠎ᠡ ᠶᠢ ᠭᠣᠶᠢᠳᠠ ᠰᠠᠶᠢᠬᠠᠨ ᠢᠶᠠᠷ ᠢ ᠶᠡ》 《ᠬᠤᠶᠠᠳ᠋ᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠤᠨ ᠳ᠋ᠦᠩᠨᠡᠯᠲᠡ ᠪᠠ ᠰᠡᠩᠬᠡᠷᠡᠭᠦᠯᠦᠯ — ᠶᠦᠨᠨᠠᠨ ᠮᠤᠵᠢ ᠪᠠᠷ ᠵᠢᠱᠢᠶᠡᠯᠡᠬᠦ ᠨᠢ》 ᠬᠢᠴᠢᠶᠡᠯ ᠣᠷᠣᠪᠠ ᠦᠬᠠᠨ ᠬᠤᠲᠠ᠂ ᠸᠧᠶ ᠬᠠᠢ ᠬᠤᠲᠠ᠂ ᠸᠧᠶ ᠨᠠᠨ ᠬᠤᠲᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠲᠥᠯᠥᠭᠡᠯᠡᠭᠴᠢ ᠲᠣᠰ ᠲᠣᠰ ᠬᠤᠶᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠤᠭᠰᠠᠨ ᠠᠵᠢᠯ ᠤᠨ ᠲᠤᠷᠰᠢᠯᠭ᠎ᠠ᠂ ᠬᠤᠶᠠᠳᠤᠭᠠᠷ ᠡᠭᠡᠯᠵᠢ ᠰᠣᠳᠣᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠵᠤ ᠭᠠᠷᠭᠠᠭᠰᠠᠨ ᠣᠶᠢᠯᠠᠭᠠᠯᠲᠠ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠤᠷᠢᠳᠠᠪᠠᠷ ᠬᠢᠵᠦ ᠤᠷᠢᠳᠠᠪᠠᠷ ᠲᠤᠷᠰᠢᠬᠤ ᠭᠤᠣᠯ ᠠᠷᠭ᠎ᠠ ᠬᠢᠳᠡᠯ ᠭᠡᠰᠡᠨ ᠢᠶᠡᠷ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠳᠤᠭᠤᠶᠢᠯᠠᠩ ᠬᠤᠪᠢᠶᠠᠨ ᠶᠠᠷᠢᠯᠴᠠᠬᠤ ᠭᠤᠭᠴᠤᠭ᠎ᠠ ᠳᠤ᠂ ᠰᠤᠳᠤᠯᠤᠨ ᠨᠠᠶᠢᠷᠠᠭᠤᠯᠬᠤ ᠲᠥᠯᠥᠭᠡᠯᠡᠭᠴᠢᠳ ᠢ 3 ᠳᠤᠭᠤᠶᠢᠯᠠᠩ ᠬᠤᠪᠢᠶᠠᠵᠤ᠂ ᠪᠦᠬᠦ ᠤᠯᠤᠰ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠪᠥᠬᠦᠯᠢ ᠴᠣᠭᠴᠠ ᠶᠢᠨ ᠪᠠᠶᠢᠷᠢᠯᠠᠭᠤᠯᠤᠯᠲᠠ᠂ ᠡᠯ᠎ᠡ ᠭᠠᠵᠠᠷ ᠤᠨ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠲᠥᠯᠥᠪᠵᠢᠭᠦᠯᠭᠡ ᠶᠢᠨ ᠰᠡᠳᠬᠢᠮᠵᠢ᠂ ᠡᠯ᠎ᠡ ᠱᠠᠲᠤᠨ ᠤ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠬᠡᠪ ᠲᠢᠭ ᠦᠨ ᠵᠢᠷᠤᠭ ᠲᠥᠯᠥᠪᠯᠡᠭᠡ ᠵᠢᠴᠢ《ᠳᠤᠮᠳᠠᠳᠤ ᠤᠯᠤᠰ ᠤᠨ ᠰᠢᠨ᠎ᠡ ᠪᠡᠷ ᠨᠠᠶᠢᠷᠠᠭᠤᠯᠬᠤ ᠣᠷᠣᠨ ᠨᠤᠲᠤᠭ ᠤᠨ ᠣᠶᠢᠯᠠᠯᠭ᠎ᠠ ᠶᠢᠨ ᠶᠡᠷᠦᠩᠬᠡᠶ ᠭᠠᠷᠴᠠᠭ ᠤᠨ ᠲᠣᠪᠴᠢᠯᠠᠯ ᠢ ᠲᠥᠰᠦᠯ》ᠵᠡᠷᠭᠡ ᠶᠢᠨ ᠲᠣᠭᠤᠷᠢᠨ ᠳᠤ ᠢᠳᠡᠪᠬᠢᠲᠡᠶ ᠪᠠᠷ ᠰᠤᠳᠤᠯᠤᠨ ᠶᠠᠷᠢᠯᠴᠠᠵᠤ᠂ ᠰᠠᠨᠠᠯ ᠢᠶᠠᠨ ᠭᠦᠢᠴᠡᠳ ᠰᠣᠯᠢᠯᠴᠠᠬᠤ ᠶᠢᠨ ᠬᠠᠮᠲᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃
ᠲᠡᠭᠦᠰᠬᠦ ᠬᠤᠷᠠᠯ ᠳᠡᠭᠡᠷ᠎ᠡ᠂ ᠱᠠᠨᠰᠢ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠶᠦ᠋ᠩ ᠂ ᠨᠢᠩᠰᠢᠶᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠭᠠᠵᠠᠷ ᠤᠨ ᠳᠠᠷᠤᠭ᠎ᠠ ᠶᠦᠨ ᠶᠢᠦ ᠴᠢᠶᠠᠩ᠂ ᠱᠠᠨᠳᠦ᠋ᠩ ᠮᠤᠵᠢ ᠶᠢᠨ ᠵᠢᠨᠠᠨ ᠬᠤᠳᠠ ᠶᠢᠨ ᠣᠷᠣᠨ ᠨᠤᠲᠤᠭ ᠤᠨ ᠲᠡᠦᠬᠡ ᠣᠶᠢᠯᠠᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠱᠢ ᠬᠤᠩ ᠵᠢᠶᠧ ᠲᠤᠰ ᠲᠤᠰ ᠳᠤᠭᠤᠶᠢᠯᠠᠩ ᠬᠤᠪᠢᠶᠠᠨ ᠶᠠᠷᠢᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠵᠢᠶᠦ᠋ᠨ ᠱᠢ ᠲᠡᠭᠦᠰᠬᠦ ᠬᠤᠷᠠᠯ ᠢ ᠡᠷᠬᠢᠯᠡᠬᠦ ᠶᠢᠨ ᠬᠠᠮᠲᠤ ᠰᠤᠳᠤᠯᠤᠨ ᠰᠤᠷᠤᠯᠴᠠᠭᠰᠠᠨ ᠳ᠋ᠦᠩᠨᠡᠯᠲᠡ ᠬᠢᠪᠡ᠃

ᠡᠨᠡ ᠬᠤᠭᠤᠴᠠᠭᠠᠨ ᠳᠤ᠂ ᠰᠤᠳᠤᠯᠤᠨ ᠰᠤᠷᠤᠯᠴᠠᠬᠤ ᠲᠥᠯᠥᠭᠡᠯᠡᠭᠴᠢᠳ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠪᠣᠯᠤᠨ ᠪᠡᠭᠡᠵᠢᠩ ᠬᠤᠲᠠ ᠶᠢᠨ ᠰᠠᠩ ᠳᠤ ᠬᠦᠷᠴᠦ ᠲᠤᠬᠠᠶ ᠶᠢᠨ ᠲᠠᠯᠠᠪᠠᠢ ᠳᠤ ᠃ ᠲᠣᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠶᠢ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠠᠯᠪᠠᠨ ᠭᠡᠷ ᠠᠴᠠ ᠭᠤᠤᠯᠯᠠᠨ ᠡᠷᠭᠢᠯᠡᠵᠦ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠣᠶᠢᠯᠠᠯᠭ᠎ᠠ ᠶᠢᠨ ᠠᠯᠪᠠᠨ ᠬᠡᠷ᠂ ᠳᠡᠳ᠋ ᠮᠤᠵᠢ ᠶᠢᠨ ᠱᠠᠲᠤᠨ ᠤ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ ᠬᠡᠰᠡᠭ ᠬᠤᠲᠠ ᠰᠢᠶᠠᠨ ᠤ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ 150 ᠭᠠᠷᠤᠶ ᠨᠥᠬᠦᠳ ᠰᠤᠳᠤᠯᠤᠨ ᠰᠤᠷᠤᠯᠴᠠᠬᠤ ᠳᠤ ᠣᠷᠣᠯᠴᠠᠪᠠ᠃